ᠲᠥᠪ ᠤᠨ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠤᠷᠲᠠᠯ ᠤᠨ | ᠪᠠᠶᠢᠭᠤᠯᠤᠯᠲᠠ ᠶᠢ ᠪᠠᠶᠢᠩᠭᠤᠵᠢᠭᠤᠯᠬᠤ᠂ ᠣᠷᠳᠣ ᠬᠤᠭᠤᠴᠠᠭ᠎ᠠ ᠪᠠᠷ ᠪᠦᠲᠦᠮᠵᠢᠲᠡᠶ ᠪᠠᠶᠢᠯᠭᠠᠬᠤ ᠶᠢ ᠠᠬᠢᠭᠤᠯᠤᠨ᠂ ᠰᠤᠷᠤᠯᠴᠠᠯᠭ᠎ᠠ ᠬᠥᠮᠦᠵᠢᠯ ᠤᠨ ᠪᠣᠳᠠᠲᠤ ᠦᠷ᠎ᠡ | ᠪᠦᠲᠦᠮᠵᠢ ᠣᠯᠬᠤ ᠶᠢ ᠪᠠᠲᠤᠯᠠᠬᠤ ᠶᠢᠨ ᠲᠥᠯᠥᠭᠡ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠲᠣᠰ | ᠡᠳᠦᠷ ᠠᠴᠠ ᠡᠬᠢᠯᠡᠨ ︽ᠡᠭᠦᠳᠡ ᠪᠠᠨ ᠨᠡᠭᠡᠭᠡᠵᠦ ᠳᠤᠷᠠᠳᠤᠯᠭ᠎ᠠ ᠰᠣᠨᠣᠰᠬᠤ︾ ᠠᠵᠢᠯᠯᠠᠭ᠎ᠠ ᠥᠷᠨᠢᠭᠦᠯᠵᠦ᠂ ᠥᠷᠭᠡᠨ ᠳᠡᠯᠭᠡᠷ ᠰᠠᠨᠠᠯ ᠰᠠᠨᠠᠭᠤᠯᠭ᠎ᠠ ᠬᠤᠷᠢᠶᠠᠵᠤ᠂ | ᠣᠯᠠᠨ ᠲᠦᠮᠡᠨ ᠤ ᠬᠢᠨᠠᠯᠲᠠ ᠶᠢ ᠬᠦᠯᠢᠶᠡᠨ᠎ᠡ᠃ | ᠨᠢᠭᠡ᠂ ᠬᠤᠷᠢᠶᠠᠬᠤ ᠠᠭᠤᠯᠭ᠎ᠠ | 1. ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠲᠥᠪ ᠤᠨ ᠨᠠᠢᠮᠠᠨ ᠵᠤᠷᠪᠤᠰ ᠲᠣᠭᠲᠠᠭᠠᠯ | ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠯ᠎ᠠ ᠪᠠᠷ ᠬᠢ ᠰᠠᠨᠠᠯ ᠰᠠᠨᠠᠭᠤᠯᠭ᠎ᠠ᠃ | 2. ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠰᠤᠷᠤᠯᠴᠠᠯᠭ᠎ᠠ ᠬᠥᠮᠦᠵᠢᠯ ᠤᠨ ᠲᠠᠯ᠎ᠠ ᠪᠠᠷ | ᠬᠢ ᠰᠠᠨᠠᠯ ᠰᠠᠨᠠᠭᠤᠯᠭ᠎ᠠ᠃ | 3. ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠯᠠᠨ ᠲᠦᠮᠡᠨ ᠳᠤ ᠦᠢᠯᠡᠴᠢᠯᠡᠬᠦ | ᠶᠠᠪᠤᠴᠠ ᠳᠤ᠂ ᠠᠵᠢᠯ ᠤᠨ ᠰᠤᠷᠲᠠᠯ ᠢᠶᠠᠨ ᠬᠡᠷᠬᠢᠨ ᠤᠯᠠᠮ ᠨᠢᠭᠡ ᠠᠯᠬᠤᠮ ᠰᠠᠶᠢᠵᠢᠷᠠᠭᠤᠯᠬᠤ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠬᠦ᠂ | ᠦᠢᠯᠡᠴᠢᠯᠡᠭᠡᠨ ᠤ ᠶᠠᠰᠤ ᠴᠢᠨᠠᠷ ᠢᠶᠠᠨ ᠳᠡᠭᠡᠭᠰᠢᠯᠡᠭᠦᠯᠬᠦ ᠲᠠᠯ᠎ᠠ ᠪᠠᠷ ᠬᠢ ᠰᠠᠨᠠᠯ ᠰᠠᠨᠠᠭᠤᠯᠭ᠎ᠠ᠃ | 4. ᠲᠥᠪ ᠤᠨ ᠨᠠᠢᠮᠠᠨ ᠵᠤᠷᠪᠤᠰ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ᠂ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠯᠤᠭ᠎ᠠ ᠬᠤᠯᠪᠣᠭᠳᠠᠬᠤ ᠪᠤᠰᠤᠳ ᠰᠠᠨᠠᠯ ᠰᠠᠨᠠᠭᠤᠯᠭ᠎ᠠ᠃ | ᠬᠤᠶᠠᠷ᠂ ᠬᠤᠷᠢᠶᠠᠬᠤ ᠠᠷᠭ᠎ᠠ ᠮᠠᠶ᠋ᠢᠭ | 1. ᠢᠮᠧᠯ᠄ xzqzfb306@163.com | 2. ᠬᠠᠷᠢᠯᠴᠠᠬᠤ ᠤᠲᠠᠰᠤ᠄ 0470︱6601227 | 3. ᠰᠠᠨᠠᠯ ᠤᠨ ᠬᠠᠶᠢᠷᠴᠠᠭ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠠᠰᠠᠷ ᠤᠨ ᠨᠢᠭᠡᠳᠦᠭᠡᠷ | ᠳᠠᠪᠬᠤᠷᠭ᠎ᠠ | ᠭᠤᠷᠪᠠ᠂ ᠴᠠᠭ ᠤᠨ ᠲᠣᠬᠢᠷᠠᠭᠤᠯᠤᠯᠲᠠ | ᠲᠣᠰ ᠠᠯᠪᠠᠨ ᠵᠠᠷ ᠢ ᠨᠡᠶᠢᠲᠡᠯᠡᠭᠰᠡᠨ ᠡᠳᠦᠷ ᠠᠴᠠ ᠡᠬᠢᠯᠡᠨ 2025 ᠣᠨ ᠤ 7 ᠰᠠᠷ᠎ᠠ ᠶᠢᠨ 31 ᠤ ᠡᠳᠦᠷ ᠪᠣᠯᠲᠠᠯ᠎ᠠ᠃ | ᠪᠢᠳᠡ ᠬᠤᠷᠢᠶᠠᠨ ᠣᠯᠣᠭᠰᠠᠨ ᠰᠠᠨᠠᠯ ᠰᠠᠨᠠᠭᠤᠯᠭ᠎ᠠ ᠶᠢ ᠡᠮᠬᠢᠯᠡᠨ ᠰᠤᠳᠤᠯᠬᠤ ᠪᠥᠭᠡᠳ ᠲᠡᠭᠦᠨ ᠢᠶᠠᠷ ᠠᠵᠢᠯ ᠢᠶᠠᠨ ᠰᠠᠶᠢᠵᠢᠷᠠᠭᠤᠯᠬᠤ᠂ ᠵᠠᠰᠠᠭ ᠤᠨ | ᠣᠷᠳᠣᠨ ᠤ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠶᠢᠨ ᠴᠢᠬᠤᠯᠠ ᠦᠨᠳᠦᠰᠦᠯᠡᠯ ᠪᠣᠯᠭᠠᠨ᠎ᠠ᠃ ᠡᠭᠦᠨ ᠤ ᠬᠠᠮᠲᠤ᠂ ᠪᠢᠳᠡ ᠬᠠᠷᠢᠭᠤ ᠲᠤᠰᠬᠠᠭᠰᠠᠨ | ᠬᠥᠮᠥᠨ ᠤ ᠬᠤᠪᠢ ᠬᠥᠮᠥᠨ ᠤ ᠮᠡᠳᠡᠭᠡ ᠵᠠᠩᠭᠢ ᠪᠠ ᠬᠤᠪᠢ ᠶᠢᠨ ᠨᠢᠭᠤᠴᠠ ᠶᠢ ᠴᠢᠩᠭ᠎ᠠ ᠬᠠᠮᠠᠭᠠᠯᠠᠨ᠎ᠠ᠃ | ᠲᠠᠨ ᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠢ ᠬᠠᠯᠠᠮᠵᠢᠯᠠᠨ ᠳᠡᠮᠵᠢᠭᠰᠡᠨ ᠳᠤ ᠲᠠᠯᠠᠷᠬᠠᠵᠤ ᠪᠠᠶᠢᠨ᠎ᠠ᠃ |