ᠬᠠᠮᠢᠶ᠎ᠠ ᠪᠦᠬᠦᠢ ᠡᠮᠴᠢᠯᠡᠭᠡᠨ ᠤ ᠪᠠᠶᠢᠭᠤᠯᠤᠮᠵᠢ ᠶᠢᠨ ᠬᠢᠨᠠᠨ ᠬᠡᠮᠵᠢᠭᠰᠡᠨ ᠦᠷ᠎ᠡ ᠳ᠋ᠦᠩ ᠠᠴᠠ ᠦᠵᠡᠪᠡᠯ ᠮᠠᠨ ᠤ ᠤᠯᠤᠰ ᠤᠨ ᠤᠮᠠᠷᠠᠲᠤ ᠣᠷᠣᠨ ᠨᠢᠭᠡᠨᠲᠡ | ᠵᠠᠯᠭᠠᠭ᠎ᠠ ᠪᠠᠷ ᠨᠠᠮᠤᠷ ᠤᠨ ᠤᠯᠠᠷᠢᠯ ᠤᠨ ᠴᠡᠴᠡᠭ ᠤᠨ ᠲᠣᠭᠤᠰᠣᠨ ᠤ ᠣᠷᠭᠢᠯ ᠤᠨ ᠬᠤᠭᠤᠴᠠᠭᠠᠨ ᠳᠤ ᠣᠷᠣᠵᠤ᠂ ᠵᠢᠱᠢᠯᠲᠡ ᠪᠠᠷ 9 ᠰᠠᠷ᠎ᠠ ᠶᠢᠨ ᠳᠤᠮᠳᠠᠴᠢ ᠰᠡᠭᠦᠯᠴᠢ | ᠪᠣᠯᠲᠠᠯ᠎ᠠ ᠦᠷᠭᠦᠯᠵᠢᠯᠡᠬᠦ ᠪᠣᠯᠣᠨ᠎ᠠ᠃ | ᠨᠡᠶᠢᠰᠯᠡᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠪᠡᠭᠡᠵᠢᠩ ᠤᠨ ᠱᠢ ᠵᠢᠢ ᠲᠠᠨ ᠡᠮᠨᠡᠯᠭᠡ ᠶᠢᠨ ᠬᠤᠷᠢᠶᠠᠨ ᠤ ᠬᠤᠪᠢᠷᠠᠮᠠᠯ | ᠤᠷᠪᠠᠯ ᠤᠨ ᠲᠥᠪ ᠤᠨ ᠡᠷᠬᠢᠯᠡᠭᠴᠢ ᠸᠠᠩ ᠰᠢᠤᠸᠠᠢ ᠶᠠᠨ᠄ ᠬᠠᠷᠰᠢᠯ ᠡᠭᠦᠰᠬᠦ ᠢᠯᠡᠷᠡᠯ ᠤᠨ ᠬᠦᠨᠳᠦ ᠨᠣᠴᠢᠲᠠᠢ ᠬᠡᠮᠵᠢᠶ᠎ᠡ ᠨᠢ ᠴᠡᠴᠡᠭ ᠤᠨ ᠲᠣᠭᠤᠰᠣᠨ ᠤ | ᠥᠳᠬᠡᠴᠡ ᠲᠠᠢ ᠰᠢᠭᠤᠳ ᠬᠠᠷᠢᠴᠠᠭ᠎ᠠ ᠲᠠᠢ ᠪᠠᠶᠢᠳᠠᠭ᠂ ᠬᠠᠷᠰᠢᠯ ᠲᠠᠢ ᠡᠪᠡᠳᠴᠢᠲᠡᠨ ᠣᠶᠢᠷ᠎ᠠ ᠳᠤ ᠴᠡᠴᠡᠭ ᠤᠨ ᠲᠣᠭᠤᠰᠣ ᠲᠠᠢ ᠬᠦᠷᠦᠯᠴᠡᠬᠦ ᠪᠠᠨ ᠠᠯᠢ ᠴᠢᠳᠠᠬᠤ ᠪᠠᠷ | ᠪᠠᠭᠠᠰᠬᠠᠬᠤ ᠶᠢ ᠰᠠᠨᠠᠭᠤᠯᠵᠤ ᠪᠠᠶᠢᠨ᠎ᠠ᠂ ᠢᠯᠠᠩᠭᠤᠶ᠎ᠠ ᠶᠡᠭᠡ ᠰᠠᠯᠬᠢ᠂ ᠠᠶᠤᠩᠭᠠᠲᠤ ᠪᠣᠷᠣᠭᠠᠨ ᠲᠠᠢ ᠦᠶ᠎ᠡ ᠳᠤ ᠭᠠᠳᠠᠭᠰᠢ ᠭᠠᠷᠬᠤ ᠪᠠᠨ ᠪᠠᠭᠠᠰᠬᠠᠵᠤ᠂ ᠴᠢᠬᠤᠯᠠᠲᠠᠢ | ᠦᠶ᠎ᠡ ᠳᠤ ᠠᠮᠠᠪᠴᠢ ᠪᠠ ᠬᠠᠮᠠᠭᠠᠯᠠᠯᠲᠠ ᠶᠢᠨ ᠨᠢᠳᠦᠨ ᠰᠢᠯ ᠵᠡᠭᠦᠵᠦ᠂ ᠭᠡᠷ ᠲᠡᠭᠡᠨ ᠬᠠᠷᠢᠭᠰᠠᠨ ᠤ ᠳᠠᠷᠠᠭ᠎ᠠ ᠴᠠᠭ ᠲᠤᠬᠠᠢ ᠳᠤᠨᠢ ᠭᠠᠳᠠᠷ ᠬᠤᠪᠴᠠᠰᠤ ᠪᠠᠨ ᠳᠡᠶᠢᠯᠵᠦ | ᠨᠢᠭᠤᠷ ᠪᠠ ᠬᠠᠮᠠᠷ ᠤᠨ ᠬᠥᠨᠳᠡᠢ ᠪᠠᠨ ᠤᠬᠢᠶᠠᠵᠤ᠂ ᠴᠡᠴᠡᠭ ᠤᠨ ᠲᠣᠭᠤᠰᠣᠨ ᠤ ᠬᠠᠷᠰᠢᠯ ᠡᠭᠦᠰᠬᠦ ᠠᠴᠠ ᠵᠠᠶᠢᠯᠠᠰᠬᠢᠬᠦ ᠬᠡᠷᠡᠭᠲᠡᠢ ᠭᠡᠯᠡ᠃ | ᠴᠡᠴᠡᠭ ᠤᠨ ᠲᠣᠭᠤᠰᠣᠨ ᠳᠤ ᠬᠠᠷᠰᠢᠬᠤ ᠨᠢ ᠭᠤᠣᠯᠳᠠᠭᠤ ᠬᠠᠮᠠᠷ ᠤᠨ ᠨᠡᠶᠢᠯᠡᠮᠡᠯ ᠪᠦᠷᠬᠦᠪᠴᠢ ᠶᠢᠨ ᠦᠷᠪᠢᠰᠦᠯ ᠢᠶᠠᠷ ᠭᠤᠣᠯ ᠪᠣᠯᠭᠠᠭᠰᠠᠨ ᠠᠯᠢ ᠣᠯᠠᠨ | ᠡᠪᠡᠳᠴᠢᠨ ᠤ ᠢᠯᠡᠷᠡᠯ ᠪᠣᠯᠣᠨ᠎ᠠ᠃ ᠡᠭᠦᠨ ᠳᠤ ᠬᠠᠮᠠᠷ ᠵᠠᠭᠠᠲᠤᠨᠠᠬᠤ᠂ ᠬᠠᠮᠠᠷ ᠪᠥᠭᠯᠡᠷᠡᠬᠦ᠂ ᠨᠠᠶᠢᠲᠠᠭᠠᠬᠤ᠂ ᠨᠢᠰᠤ ᠭᠤᠭᠤᠵᠢᠬᠤ᠂ ᠨᠢᠳᠦ ᠵᠠᠭᠠᠲᠤᠨᠠᠬᠤ ᠪᠠᠭᠲᠠᠨ᠎ᠠ᠂ ᠣᠨᠴᠠ | ᠵᠠᠷᠢᠮ ᠡᠪᠡᠳᠴᠢᠲᠡᠨ ᠪᠠᠰᠠ ᠬᠠᠨᠢᠶᠠᠬᠤ᠂ ᠠᠮᠢᠰᠬᠤᠯ ᠳᠠᠪᠴᠢᠳᠠᠬᠤ ᠵᠡᠷᠭᠡ ᠡᠪᠡᠳᠴᠢᠨ ᠤ ᠢᠯᠡᠷᠡᠯ ᠭᠠᠷᠳᠠᠭ᠃ ᠬᠡᠷᠪᠡ ᠴᠡᠴᠡᠭ ᠤᠨ ᠲᠣᠭᠤᠰᠣᠨ ᠳᠤ ᠬᠠᠷᠰᠢᠬᠤ | ᠢᠯᠡᠷᠡᠯ ᠨᠢ ᠨᠡᠯᠢᠶᠡᠳ ᠬᠥᠩᠭᠡᠨ ᠪᠥᠭᠡᠳ ᠠᠭᠰᠠᠭ᠎ᠠ ᠡᠪᠡᠳᠴᠢᠨ ᠤ ᠢᠯᠡᠷᠡᠯ ᠦᠭᠡᠢ ᠪᠣᠯ ᠬᠠᠷᠰᠢᠯ ᠡᠰᠡᠷᠭᠦᠴᠡᠬᠦ ᠡᠮ ᠤᠤᠭᠤᠵᠤ ᠪᠣᠯᠣᠨ᠎ᠠ᠂ ᠪᠠᠰᠠ ᠬᠠᠮᠠᠷ ᠲᠤ | ᠰᠦᠷᠴᠢᠬᠦ ᠬᠤᠷᠮᠣᠨ ᠢᠶᠠᠷ ᠵᠠᠰᠠᠵᠤ ᠪᠣᠯᠣᠨ᠎ᠠ︔ ᠬᠡᠷᠪᠡ ᠡᠪᠡᠳᠴᠢᠨ ᠤ ᠪᠠᠶᠢᠳᠠᠯ ᠨᠡᠯᠢᠶᠡᠳ ᠬᠦᠨᠳᠦ᠂ ᠢᠯᠠᠩᠭᠤᠶ᠎ᠠ ᠠᠭᠰᠠᠭ᠎ᠠ ᠡᠪᠡᠳᠴᠢᠨ ᠤ ᠪᠠᠶᠢᠳᠠᠯ ᠢᠯᠡᠷᠡᠪᠡᠯ ᠴᠠᠭ | ᠲᠤᠬᠠᠢ ᠳᠤᠨᠢ ᠡᠮᠨᠡᠯᠭᠡ ᠳᠤ ᠬᠦᠷᠴᠦ ᠡᠮᠨᠡᠭᠦᠯᠬᠦ ᠶᠢ ᠰᠠᠨᠠᠭᠤᠯᠵᠤ ᠪᠠᠶᠢᠨ᠎ᠠ᠃ | ᠨᠡᠶᠢᠰᠯᠡᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠪᠡᠭᠡᠵᠢᠩ ᠤᠨ ᠱᠢ ᠵᠢᠢ ᠲᠠᠨ ᠡᠮᠨᠡᠯᠭᠡ ᠶᠢᠨ ᠬᠤᠷᠢᠶᠠᠨ ᠤ ᠬᠤᠪᠢᠷᠠᠮᠠᠯ | ᠤᠷᠪᠠᠯ ᠤᠨ ᠲᠥᠪ ᠤᠨ ᠡᠷᠬᠢᠯᠡᠭᠴᠢ ᠸᠠᠩ ᠰᠢᠤᠸᠠᠢ ᠶᠠᠨ᠄ ᠬᠡᠷᠪᠡ ᠡᠪᠡᠳᠴᠢᠲᠡᠨ ᠤ ᠬᠠᠷᠰᠢᠬᠤ ᠢᠯᠡᠷᠡᠯ ᠨᠢ ᠵᠢᠯ ᠠᠴᠠ ᠵᠢᠯ ᠬᠦᠨᠳᠦᠷᠡᠵᠦ ᠪᠠᠶᠢᠪᠠᠯ ᠡᠮᠨᠡᠯᠭᠡ ᠳᠤ | ᠬᠦᠷᠴᠦ ᠬᠠᠷᠰᠢᠯ ᠤᠨ ᠰᠢᠯᠲᠠᠭᠠᠨ ᠢ ᠪᠠᠶᠢᠴᠠᠭᠠᠭᠰᠠᠨ ᠤ ᠳᠠᠷᠠᠭ᠎ᠠ ᠬᠠᠷᠰᠢᠯ ᠠᠴᠠ ᠰᠠᠯᠭᠠᠬᠤ ᠡᠮᠴᠢᠯᠡᠭᠡ ᠬᠢᠬᠦ ᠶᠢ ᠰᠠᠨᠠᠭᠤᠯᠵᠤ ᠪᠠᠶᠢᠨ᠎ᠠ ᠭᠡᠯᠡ᠃ |