ᠬᠡᠦᠬᠡᠳ ᠶᠡᠷᠦ ᠠᠴᠠ ᠡᠴᠢᠭᠡ ᠡᠬᠡ ᠪᠠᠨ ᠳᠠᠭᠤᠷᠢᠶᠠᠵᠤ ᠶᠠᠭᠤᠮ᠎ᠠ ᠰᠤᠷᠴᠤ᠂ ᠡᠴᠢᠭᠡ ᠡᠬᠡ ᠪᠠᠨ ᠳᠠᠭᠤᠷᠢᠶᠠᠵᠤ ᠬᠥᠮᠥᠨ ᠪᠤᠯᠳᠠᠭ᠃ ᠠᠷᠠᠳ ᠤᠨ ᠰᠡᠴᠡᠨ | ᠦᠭᠡᠨ ᠳᠤ ︽ᠬᠡᠭᠡᠷ ᠠᠯᠠᠭ ᠠᠴᠠ ᠰᠢᠭᠢᠷ᠎ᠡ ᠠᠯᠠᠭ︾ ᠬᠡᠳᠡᠭ ᠦᠭᠡ ᠨᠢ ᠶᠠᠭ ᠡᠭᠦᠨ ᠢ ᠲᠣᠳᠣᠷᠬᠠᠶᠢᠯᠠᠵᠤ ᠬᠡᠯᠡᠵᠡᠢ᠃ ᠡᠴᠢᠭᠡ ᠡᠬᠡ ᠨᠢ ᠶᠠᠮᠠᠷ ᠬᠥᠮᠥᠨ ᠪᠣᠯ ᠬᠡᠦᠬᠡᠳ | ᠨᠢ ᠲᠡᠶᠢᠮᠥ ᠬᠥᠮᠥᠨ ᠪᠤᠯᠳᠠᠭ᠂ ᠡᠶᠢᠮᠦ ᠠᠴᠠ ᠦᠷ᠎ᠡ ᠬᠡᠦᠬᠡᠳ ᠢᠶᠠᠨ ᠶᠠᠮᠠᠷ ᠬᠥᠮᠥᠨ ᠪᠣᠯᠭᠠᠨ ᠬᠥᠮᠥᠵᠢᠭᠦᠯᠦᠨ ᠪᠣᠶᠢᠵᠢᠭᠤᠯᠬᠤ ᠪᠤᠢ ᠬᠡᠳᠡᠭ ᠠᠰᠠᠭᠤᠯᠲᠠ ᠶᠢᠨ | ᠬᠠᠷᠢᠭᠤᠯᠲᠠ ᠳᠤ ᠡᠴᠢᠭᠡ ᠡᠬᠡ ᠪᠣᠯᠣᠭᠰᠠᠳ ᠵᠣᠩᠬᠢᠯᠠᠬᠤ ᠬᠠᠷᠢᠴᠠᠯ ᠢ ᠡᠵᠡᠯᠡᠨ᠎ᠡ᠃ | ᠥᠭᠡᠷ᠎ᠡ ᠪᠠᠷ ᠬᠡᠯᠡᠪᠡᠯ ᠠᠶᠢᠯ ᠭᠡᠷ ᠤᠨ ᠡᠳᠦᠷ ᠲᠤᠳᠤᠮ ᠤᠨ ᠠᠳᠠᠯ ᠠᠮᠢᠳᠤᠷᠠᠯ᠂ ᠠᠵᠢᠯ ᠬᠦᠳᠡᠯᠮᠥᠷᠢ᠂ ᠦᠭᠡ ᠶᠠᠷᠢᠶ᠎ᠠ᠂ ᠤᠶᠢᠯᠡ ᠬᠥᠳᠡᠯᠦᠯ᠂ ᠵᠠᠩ | ᠠᠷᠠᠨᠰᠢᠨ᠂ ᠡᠪ ᠨᠠᠶᠢᠷ᠂ ᠢᠳᠡᠬᠦ ᠤᠤᠭᠤᠬᠤ᠂ ᠡᠮᠦᠰᠴᠦ ᠵᠡᠭᠦᠬᠦ᠂ ᠰᠠᠭᠤᠵᠤ ᠬᠡᠪᠲᠡᠬᠦ ᠮᠡᠲᠦ ᠶᠢᠨ ᠠᠯᠢᠪᠠ ᠪᠦᠬᠦᠨ ᠪᠦᠷ ᠬᠡᠦᠬᠡᠳ ᠢ ᠰᠢᠭᠤᠳ ᠪᠤᠶᠤ ᠳᠠᠮ ᠢᠶᠠᠷ | ᠨᠥᠯᠥᠭᠡᠯᠡᠳᠡᠭ᠃ ᠳᠠᠭᠤᠷᠢᠶᠠᠯ ᠤᠨ ᠬᠦᠴᠦᠨ ᠬᠢᠵᠠᠭᠠᠷ ᠦᠭᠡᠢ ᠶᠡᠭᠡ ᠬᠡᠳᠡᠭ ᠢᠶᠠᠷ ᠡᠴᠢᠭᠡ ᠡᠬᠡ ᠪᠣᠯᠣᠭᠰᠠᠳ ᠠᠯᠢᠪᠠ ᠵᠦᠢᠯ ᠬᠡᠦᠬᠡᠳ ᠤᠨ ᠥᠰᠦᠯᠲᠡ ᠪᠤᠶᠢᠵᠢᠯᠲᠠ᠂ | ᠰᠤᠷᠭᠠᠨ ᠬᠥᠮᠦᠵᠢᠯ ᠳᠤ ᠦᠯᠦ ᠮᠡᠳᠡᠭ ᠨᠡᠪᠴᠢᠨ ᠣᠷᠣᠳᠠᠭ ᠠᠵᠤᠭᠤ᠃ ᠬᠡᠦᠬᠡᠳ ᠤᠨ ᠥᠰᠦᠯᠲᠡ ᠪᠤᠶᠢᠵᠢᠯᠲᠠ᠂ ᠬᠥᠮᠥᠨ ᠪᠤᠯᠬᠤ ᠪᠦᠬᠦ ᠶᠠᠪᠤᠴᠠ ᠳᠤ ᠡᠬᠡ | ᠡᠴᠢᠭᠡ ᠶᠢᠨ ᠨᠥᠯᠥᠭᠡ ᠲᠤᠰᠬᠠᠯ ᠬᠠᠮᠤᠭ ᠤᠨ ᠶᠡᠭᠡ ᠪᠠᠶᠢᠳᠠᠭ ᠴᠦ ᠡᠭᠦᠨ ᠤ ᠳᠣᠲᠣᠷ᠎ᠠ ᠡᠬᠡ ᠬᠥᠮᠥᠨ ᠤ ᠨᠥᠯᠥᠭᠡ ᠲᠤᠰᠬᠠᠯ ᠨᠢ ᠬᠠᠷᠢᠴᠠᠩᠭᠤᠢ ᠪᠠᠷ ᠡᠴᠢᠭᠡ ᠶᠢᠨ | ᠨᠥᠯᠥᠭᠡ ᠲᠤᠰᠬᠠᠯ ᠠᠴᠠ ᠶᠡᠭᠡ ᠪᠠᠶᠢᠳᠠᠭ᠃ ᠤᠴᠢᠷ ᠨᠢ ᠡᠬᠡ ᠬᠥᠮᠥᠨ ᠬᠡᠦᠬᠡᠳ ᠢᠶᠠᠨ ᠲᠦᠷᠦᠬᠦ ᠠᠴᠠ ᠡᠬᠢᠯᠡᠭᠡᠳ ᠥᠰᠬᠡᠵᠦ ᠪᠣᠶᠢᠵᠢᠭᠤᠯᠬᠤ ᠬᠦᠨᠳᠦ ᠶᠡᠭᠡ ᠡᠭᠦᠷᠭᠡ | ᠬᠠᠷᠢᠭᠤᠴᠠᠯᠭ᠎ᠠ ᠶᠢ ᠡᠭᠦᠷᠭᠡᠯᠡᠵᠦ ᠪᠠᠶᠢᠳᠠᠭ ᠲᠤ ᠣᠷᠣᠰᠢᠨ᠎ᠠ᠃ ᠡᠬᠡ ᠬᠥᠮᠥᠨ ᠤ ᠡᠨᠡ ᠬᠦ ᠠᠴᠢ ᠭᠠᠪᠢᠶ᠎ᠠ ᠶᠢ ᠥᠨᠢᠳᠡ ᠪᠠᠲᠤ ᠴᠡᠭᠡᠵᠢᠯᠡᠬᠦ ᠡᠭᠦᠳᠡᠨ ᠠᠴᠠ ᠬᠥᠮᠥᠨ | ᠲᠥᠷᠥᠯᠬᠢᠲᠡᠨ ᠪᠦᠭᠦᠳᠡᠭᠡᠷ ᠢᠶᠠᠨ ᠡᠬᠡ ᠬᠥᠮᠥᠰ ᠢ ᠬᠥᠨᠳᠥᠤᠨᠬᠡᠵᠤ᠂ ᠬᠠᠶᠢᠷᠠᠯᠠᠵᠤ ᠶᠠᠪᠤᠬᠤ ᠴᠢᠬᠤᠯᠠᠲᠠᠢ ᠶᠤᠮ᠃ ᠡᠬᠡ ᠬᠥᠮᠥᠨ ᠡᠩᠬᠦᠷᠡᠢ ᠦᠷ᠎ᠡ ᠪᠠᠨ ᠠᠷᠪᠠᠨ ᠰᠠᠷ᠎ᠠ | ᠬᠡᠪᠡᠯᠢ ᠳᠡᠭᠡᠨ ᠲᠡᠭᠡᠭᠡᠵᠦ᠂ ᠠᠯᠢ ᠪᠠᠶᠢᠳᠠᠭ ᠰᠢᠮ᠎ᠡ ᠲᠡᠵᠢᠭᠡᠯ᠂ ᠴᠢᠰᠤ ᠮᠢᠬ᠎ᠠ᠂ ᠬᠦᠴᠦ ᠴᠢᠳᠠᠯ ᠢᠶᠠᠨ ᠦᠷ᠎ᠡ ᠳᠡᠭᠡᠨ ᠶᠡᠭᠦᠯᠡᠵᠦ ᠬᠥᠮᠥᠨ ᠪᠣᠯᠭᠠᠳᠠᠭ᠃ ᠡᠨᠡ ᠲᠤᠬᠠᠢ | ᠲᠤᠰᠬᠠᠢ ᠮᠡᠷᠭᠡᠵᠢᠯᠲᠡᠳ ᠤᠨ ᠲᠠᠶᠢᠯᠪᠤᠷᠢᠯᠠᠬᠤ ᠪᠠᠷ᠂ ᠬᠡᠦᠬᠡᠳ ᠡᠬᠡ ᠶᠢᠨ ᠢᠶᠠᠨ ᠬᠡᠪᠡᠯᠢ ᠳᠤ ᠬᠥᠮᠥᠨ ᠪᠣᠯᠵᠤ ᠪᠣᠶᠢᠵᠢᠬᠤ ᠶᠠᠪᠤᠴᠠ ᠳᠠᠭᠠᠨ ᠴᠠᠭ ᠢᠮᠠᠭᠲᠠ | ᠡᠬᠡ ᠶᠢᠨ ᠢᠶᠠᠨ ᠳᠠᠭᠤ ᠠᠪᠢᠶ᠎ᠠ᠂ ᠵᠠᠩ ᠠᠷᠠᠨᠰᠢᠨ᠂ ᠬᠥᠳᠡᠯᠦᠯ ᠪᠠᠶᠢᠳᠠᠯ ᠢ ᠨᠢ ᠴᠢᠩᠨᠠᠵᠤ᠂ ᠰᠣᠨᠣᠰᠴᠤ ᠰᠢᠩᠭᠡᠬᠡᠨ ᠠᠪᠳᠠᠭ ᠭᠡᠨ᠎ᠡ᠃ ᠡᠨᠡ ᠨᠢ ᠬᠡᠦᠬᠡᠳ ᠬᠥᠮᠥᠨ ᠪᠣᠯᠵᠤ | ᠪᠣᠶᠢᠵᠢᠬᠤ ᠲᠠᠷᠠ ᠴᠠᠭ ᠮᠥᠴᠡ ᠠᠴᠠ ᠡᠬᠢᠯᠡᠵᠦ᠂ ᠡᠬᠡ ᠪᠠᠨ ᠲᠠᠨᠢᠵᠤ᠂ ᠡᠬᠡ ᠶᠢᠨ ᠢᠶᠠᠨ ᠨᠥᠯᠥᠭᠡ ᠲᠤᠰᠬᠠᠯ ᠢ ᠬᠥᠷᠲᠡᠳᠡᠭ ᠭᠡᠰᠡᠨ ᠢ ᠮᠠᠰᠢ ᠲᠣᠳᠣᠷᠬᠠᠢ ᠨᠤᠲᠠᠯᠠᠵᠤ | ᠥᠭᠴᠡᠢ᠃ | ᠡᠬᠡ ᠬᠥᠮᠥᠨ ᠬᠡᠦᠬᠡᠳ ᠢᠶᠠᠨ ᠲᠦᠷᠦᠭᠰᠡᠨ ᠠᠴᠠ ᠬᠤᠶᠢᠰᠢ ᠴᠦ ᠬᠡᠦᠬᠡᠳ ᠢᠶᠠᠨ ᠪᠣᠶᠢᠵᠢᠭᠤᠯᠵᠤ ᠲᠣᠷᠨᠢᠭᠤᠯᠤᠨᠠ ᠭᠡᠵᠦ ᠪᠤᠢ ᠪᠦᠬᠦᠢ ᠤᠭᠤᠷᠠᠭ ᠰᠢᠮ᠎ᠡ᠂ | ᠤᠶᠤᠨ ᠤᠬᠠᠭᠠᠨ᠂ ᠬᠦᠴᠦᠨ ᠴᠢᠳᠠᠯ ᠢᠶᠠᠨ ᠰᠢᠪᠬᠠᠵᠤ ᠠᠷᠠᠴᠢᠯᠠᠵᠤ ᠳᠣᠳᠣᠮᠳᠠᠳᠠᠭ᠃ ᠪᠦᠪᠡᠢ ᠶᠢᠨ ᠳᠠᠭᠤᠤ ᠪᠠᠨ ᠠᠶᠠᠯᠠᠨ᠂ ᠬᠥᠬᠦᠨ ᠰᠦ ᠪᠠᠨ ᠢᠪᠢᠯᠳᠡᠭ᠂ ᠬᠥᠷᠪᠡᠵᠦ | ᠤᠷᠪᠠᠭᠤ ᠳᠤᠨᠢ ᠤᠨᠠᠬᠤ ᠲᠤᠰᠬᠤ᠂ ᠮᠥᠷᠭᠦᠬᠦ ᠠᠴᠠ ᠠᠶᠤᠵᠤ ᠬᠢᠴᠢᠶᠡᠳᠡᠭ᠂ ᠶᠤᠭᠤᠵᠤ ᠮᠥᠯᠬᠦᠬᠦ ᠦᠶ᠎ᠡ ᠳᠤᠨᠢ ᠭᠠᠷ ᠬᠥᠯ ᠠᠴᠠ ᠨᠢ ᠳᠠᠮᠨᠠᠵᠤ ᠬᠦᠴᠦᠯᠡᠵᠦ | ᠵᠣᠷᠢᠭᠵᠢᠭᠤᠯᠳᠠᠭ᠂ ᠲᠡᠨᠲᠦᠷ ᠮᠥᠨᠳᠥᠷ ᠠᠯᠬᠤᠵᠤ ᠰᠤᠷᠬᠤ ᠳᠤᠨᠢ ᠤᠷᠮ᠎ᠠ ᠬᠠᠶᠢᠷᠠᠯᠠᠵᠤ᠂ ᠵᠣᠷᠢᠭ ᠬᠦᠴᠦ ᠥᠭᠴᠦ ᠤᠷᠤᠭᠰᠢ ᠨᠢ ᠬᠥᠲᠥᠯᠳᠡᠭ᠃ ᠡᠨᠡ ᠪᠣᠯ ᠡᠬᠡ | ᠬᠥᠮᠥᠨ ᠤ ᠠᠭᠤᠤ ᠶᠡᠭᠡ ᠬᠠᠶᠢᠷ᠎ᠠ᠂ ᠥᠭᠡᠷ᠎ᠡ ᠶᠠᠮᠠᠷ ᠴᠤ ᠶᠠᠭᠤᠮ᠎ᠠ ᠪᠠᠷ ᠣᠷᠤᠯᠠᠭᠳᠠᠰᠢ ᠦᠭᠡᠢ ᠠᠴᠢ ᠢᠪᠡᠭᠡᠯ ᠪᠠᠶᠢᠭ᠎ᠠ ᠶᠤᠮ᠃ ᠬᠡᠦᠬᠡᠳ ᠦᠭᠡ ᠬᠡᠯᠡ ᠰᠤᠷᠴᠤ᠂ | ᠬᠥᠯ ᠳᠤ ᠣᠷᠣᠮᠠᠭᠴᠠ ᠡᠬᠡ ᠪᠠᠨ ᠬᠤᠷᠮᠣᠶᠢᠳᠠᠵᠤ ᠳᠠᠭᠠᠭᠠᠤᠨ ᠬᠡᠯᠡᠬᠦ ᠦᠭᠡ᠂ ᠬᠢᠬᠦ ᠠᠵᠢᠯ ᠪᠦᠬᠦᠳᠡ ᠶᠢ ᠨᠢ ᠦ ᠰᠡᠪ ᠦᠭᠡᠢ ᠳᠠᠭᠤᠷᠢᠶᠠᠵᠤ ᠭᠦᠢᠴᠡᠳᠬᠡᠳᠡᠭ᠃ | ᠳᠡᠭᠡᠷ᠎ᠡ ᠵᠠᠭᠤᠨ ᠤ ᠨᠠᠶᠠᠭᠠᠳ ᠣᠨ ᠤ ᠡᠬᠢᠨ ᠳᠤ ᠨᠢᠭᠡᠨ ᠮᠠᠯᠴᠢᠨ ᠠᠶᠢᠯ ᠳᠤ ᠡᠶᠢᠮᠦ ᠨᠢᠭᠡᠨ ᠥᠯᠢᠬᠡᠷ ᠡᠭᠦᠰᠴᠡᠢ᠄ ᠨᠢᠭᠡᠨ ᠪᠦᠰᠡᠭᠦᠢ 2 ᠨᠠᠰᠤᠲᠠᠢ ᠬᠦᠦ ᠪᠠᠨ | ᠬᠥᠬᠦᠭᠦᠯᠦᠭᠡᠳ ᠰᠠᠭᠤᠵᠤ ᠪᠠᠶᠢᠲᠠᠯ᠎ᠠ ᠭᠡᠨᠡᠳᠲᠡ ᠦᠨᠢᠶ᠎ᠡ ᠲᠤᠭᠤᠯ ᠤᠨ ᠮᠥᠭᠡᠷᠡᠯᠳᠦᠬᠦ ᠳᠠᠭᠤᠨ ᠭᠠᠷᠤᠭᠰᠠᠨ ᠳᠤ᠂ ᠪᠦᠰᠡᠭᠦᠢ ᠬᠦᠦ ᠪᠠᠨ ᠲᠦᠯᠬᠢᠵᠦ ᠲᠠᠯᠪᠢᠮᠠᠭᠴᠠ | ᠶᠠᠭᠠᠷᠠᠤ ᠰᠠᠨᠳᠤᠷᠤᠤ ᠭᠦᠶᠦᠵᠦ ᠭᠠᠷᠬᠤ ᠳᠠᠭᠠᠨ ᠬᠠᠲᠠᠪᠴᠢᠨ ᠳᠠᠭᠠᠨ ᠪᠦᠳᠦᠷᠢᠵᠦ ᠰᠠᠨᠠᠭᠠᠨ ᠳᠤ ᠦᠭᠡᠢ ︽ᠢᠯᠡᠢ ᠬᠠᠯᠠᠭ︾ ᠬᠡᠮᠡᠨ ᠶᠡᠬᠡᠳᠡ ᠤᠤᠯᠭ᠎ᠠ ᠠᠯᠳᠠᠵᠠᠢ᠃ | ᠲᠦᠯᠬᠢᠭᠳᠡᠵᠦ ᠬᠤᠴᠣᠷᠤᠭᠰᠠᠨ ᠬᠦᠦ ᠡᠭᠦᠨ ᠢ ᠨᠢ ᠰᠣᠨᠣᠰᠤᠭᠰᠠᠨ ᠠᠴᠠ ᠬᠤᠶᠢᠰᠢ᠂ ᠶᠠᠭᠤᠮ᠎ᠠ ᠪᠦᠬᠦᠨ ᠳᠤ ︽ᠢᠯᠡᠢ ᠬᠠᠯᠠᠭ︾ ᠬᠡᠳᠡᠭ ᠪᠣᠯᠤᠭᠰᠠᠨ ᠭᠡᠨ᠎ᠡ᠃ ᠬᠡᠨ | ᠴᠢᠮ᠎ᠠ ᠳᠤ ᠵᠢᠭᠠᠵᠤ ᠥᠭᠭᠦᠭᠰᠡᠨ ᠶᠤᠮ ᠪᠤᠢ ᠭᠡᠵᠦ ᠠᠰᠠᠭᠤᠭᠰᠠᠨ ᠳᠤ᠂ ᠪᠢ ᠡᠵᠢ ᠠᠴᠠ ᠪᠠᠨ ᠰᠤᠷᠤᠭᠰᠠᠨ ᠭᠡᠵᠦ ᠬᠡᠯᠡᠭᠡᠳ ᠢᠨᠢᠶᠡᠳᠦᠮ ᠱᠤᠭ ᠪᠣᠯᠵᠤ ᠪᠠᠶᠢᠭᠰᠠᠨ | ᠭᠡᠳᠡᠭ᠃ | ᠡᠨᠡ ᠶᠠᠭᠤ ᠶᠢ ᠬᠠᠷᠠᠭᠤᠯᠵᠤ ᠪᠠᠶᠢᠬᠤ ᠪᠤᠢ ᠭᠡᠪᠡᠯ ᠳᠠᠷᠤᠢ ᠬᠡᠦᠬᠡᠳ ᠤᠨ ᠳᠠᠭᠤᠷᠢᠶᠠᠬᠤ ᠠᠪᠢᠶᠠᠰ ᠮᠥᠨ᠃ ᠬᠡᠦᠬᠡᠳ ᠤᠨ ᠳᠠᠭᠤᠷᠢᠶᠠᠬᠤ ᠴᠢᠳᠠᠪᠤᠷᠢ | ᠣᠨᠴᠠ ᠰᠠᠶᠢᠨ᠂ ᠡᠨᠡ ᠬᠦ ᠴᠢᠳᠠᠪᠤᠷᠢ ᠪᠠᠷ ᠢᠶᠠᠨ ᠲᠣᠮᠣᠴᠤᠤᠯ ᠠᠴᠠ ᠪᠠᠨ ᠶᠠᠭᠤᠮ᠎ᠠ ᠰᠤᠷᠤᠨ᠎ᠠ᠂ ᠦᠭᠡ ᠶᠠᠷᠢᠶ᠎ᠠ᠂ ᠤᠶᠢᠯᠡ ᠬᠥᠳᠡᠯᠦᠯ᠂ ᠠᠵᠢᠯ ᠬᠦᠳᠡᠯᠮᠥᠷᠢ᠂ ᠠᠮᠢᠳᠤᠷᠠᠯ | ᠠᠬᠤᠢ ᠨᠠᠭᠠᠳᠤᠮ ᠲᠣᠭᠯᠠᠭᠠᠮ ᠭᠡᠳ ᠥᠷᠲᠥᠭᠰᠡᠨ ᠪᠦᠬᠦᠨ ᠠᠴᠠ ᠢᠯᠭᠠᠯ ᠦᠭᠡᠢ ᠰᠤᠷᠴᠤ ᠠᠪᠳᠠᠭ᠃ ᠡᠨᠡ ᠪᠣᠯ ᠬᠡᠦᠬᠡᠳ ᠤᠨ ᠥᠪᠡᠷᠮᠢᠴᠡ ᠣᠨᠴᠠᠯᠢᠭ ᠤᠨ ᠨᠢᠭᠡ | ᠪᠣᠯᠣᠨ᠎ᠠ᠃ ᠲᠡᠬᠡᠬᠦ ᠳᠤ ᠴᠠᠭ ᠢᠮᠠᠭᠲᠠ ᠳᠡᠷᠭᠡᠳᠡ ᠠᠴᠠ ᠨᠢ ᠰᠠᠯᠳᠠᠭ ᠦᠭᠡᠢ ᠡᠬᠡ ᠶᠢᠨ ᠨᠥᠯᠥᠭᠡ ᠲᠤᠰᠬᠠᠯ ᠬᠠᠮᠤᠭ ᠠᠴᠠ ᠶᠡᠭᠡ᠂ ᠳᠠᠭᠠᠵᠤ ᠳᠠᠭᠤᠷᠢᠶᠠᠬᠤ ᠵᠦᠢᠯᠡᠰ | ᠨᠢ ᠴᠦ ᠵᠠᠶᠢᠯᠠᠰᠢ ᠦᠭᠡᠢ ᠬᠠᠮᠤᠭ ᠤᠨ ᠠᠷᠪᠢᠨ ᠪᠠᠶᠢᠳᠠᠭ ᠤᠴᠢᠷᠲᠠᠢ᠃ ᠡᠶᠢᠮᠦ ᠠᠴᠠ ᠬᠡᠦᠬᠡᠳ ᠠᠩᠭ᠎ᠠ ᠪᠠᠭ᠎ᠠ ᠨᠠᠰᠤᠨ ᠳᠠᠭᠠᠨ ᠡᠬᠡ ᠪᠠᠨ ᠳᠠᠭᠤᠷᠢᠶᠠᠵᠤ ᠪᠣᠶᠢᠵᠢᠵᠤ | ᠲᠣᠷᠨᠢᠳᠠᠭ ᠭᠡᠬᠦ ᠳᠤ ᠢᠯᠡᠭᠦᠳᠡᠬᠦ ᠵᠦᠢᠯ ᠠᠯᠠᠭ᠎ᠠ᠃ ᠬᠡᠦᠬᠡᠳ ᠤᠨ ᠳᠠᠭᠤᠷᠢᠶᠠᠬᠤ ᠤᠨᠴᠠᠭᠠᠢ ᠠᠪᠢᠶᠠᠰ ᠴᠢᠳᠠᠪᠤᠷᠢ ᠶᠢᠨ ᠡᠮᠦᠨ᠎ᠡ᠂ ᠡᠬᠡ ᠪᠣᠯᠣᠭᠰᠠᠳ ᠪᠡᠶ᠎ᠡ ᠳᠡᠭᠡᠨ | ᠡᠷᠬᠡᠪᠰᠢ ᠴᠢᠩᠭ᠎ᠠ ᠱᠠᠭᠠᠷᠳᠠᠯᠭ᠎ᠠ ᠲᠠᠯᠪᠢᠵᠤ᠂ ᠠᠯᠢᠪᠠ ᠰᠠᠶᠢᠨ ᠰᠠᠶᠢᠬᠠᠨ ᠤ ᠥᠯᠢᠬᠡᠷ ᠵᠢᠱᠢᠶ᠎ᠡ᠂ ᠬᠡᠪ ᠳᠠᠭᠤᠷᠢᠶᠠᠯ ᠪᠤᠯᠬᠤ ᠴᠢᠬᠤᠯᠠᠲᠠᠢ᠃ | ᠵᠢᠱᠢᠶᠡᠯᠡᠬᠦ ᠳᠤ᠂ ᠦᠭᠡ ᠶᠠᠷᠢᠶ᠎ᠠ ᠪᠣᠯᠪᠠᠰᠤᠨ ᠶᠣᠰᠣᠷᠬᠠᠭ᠂ ᠤᠶᠢᠯᠡ ᠠᠵᠢᠯᠯᠠᠭ᠎ᠠ ᠤᠶᠠᠨ ᠬᠠᠳᠠᠨ᠂ ᠨᠠᠷᠢᠨ ᠬᠢᠨᠠᠮᠠᠭᠠᠢ ᠮᠥᠷᠲᠡᠭᠡᠨ ᠳᠠᠭᠠᠭᠠᠮᠠᠭᠠᠢ᠂ ᠠᠵᠢᠯᠴᠢ | ᠬᠦᠳᠡᠯᠮᠥᠷᠢᠴᠢ᠂ ᠠᠷᠪᠢᠴᠢ ᠪᠣᠷᠣᠭᠵᠢᠭᠤᠨ᠂ ᠭᠡᠷ ᠵᠠᠭᠤᠷ᠎ᠠ ᠪᠠᠨ ᠡᠶᠡᠯᠰᠡᠭ ᠳᠣᠲᠣᠨᠣ᠂ ᠨᠠᠰᠤᠲᠠᠨ ᠲᠣᠮᠣᠭᠠᠲᠠᠨ ᠢᠶᠠᠨ ᠬᠠᠶᠢᠷᠠᠯᠠᠨ ᠬᠦᠨᠳᠦᠯᠡᠳᠡᠭ᠂ ᠠᠶᠢᠯ | ᠰᠠᠭᠠᠬᠠᠯᠲᠠ ᠲᠠᠢ ᠪᠠᠨ ᠡᠪᠲᠡᠢ ᠨᠠᠶᠢᠷᠲᠠᠢ᠂ ᠥᠪᠡᠷ ᠤᠨ ᠪᠡᠶ᠎ᠡ ᠳᠡᠭᠡᠨ ᠴᠢᠩᠭ᠎ᠠ ᠱᠠᠭᠠᠷᠳᠠᠯᠭ᠎ᠠ ᠲᠠᠢ᠂ ᠴᠠᠭ ᠢᠮᠠᠭᠲᠠ ᠴᠢᠷᠮᠠᠶᠢᠨ ᠰᠤᠷᠤᠯᠴᠠᠳᠠᠭ᠂ ᠤᠷᠤᠭᠰᠢ ᠲᠠᠪᠰᠢᠬᠤ | ᠬᠦᠰᠡᠯ ᠵᠣᠷᠢᠯᠲᠠ ᠲᠠᠢ ᠪᠠᠶᠢᠬᠤ ᠵᠡᠷᠭᠡ ᠤᠯᠠᠨ ᠲᠠᠯ᠎ᠠ ᠪᠠᠷ ᠬᠡᠪ ᠳᠠᠭᠤᠷᠢᠶᠠᠯ ᠪᠤᠯᠬᠤ ᠶᠢ ᠬᠢᠴᠢᠶᠡᠬᠦ ᠬᠡᠷᠡᠭᠲᠡᠢ᠃ ᠢᠩᠭᠢᠪᠡᠯ ᠰᠠᠶ᠋ᠢ ᠬᠡᠦᠬᠡᠳ ᠡᠴᠢᠭᠡ ᠡᠬᠡ ᠪᠠᠨ | ᠬᠥᠰᠡᠷᠳᠡᠭᠦᠯᠬᠦ ᠦᠭᠡᠢ᠂ ᠡᠯᠪᠡᠷᠢᠯ ᠵᠢᠷᠤᠮ ᠲᠠᠢ᠂ ᠨᠡᠶᠢᠭᠡᠮ ᠨᠡᠶᠢᠲᠡ᠂ ᠤᠯᠤᠰ ᠣᠷᠣᠨ ᠳᠠᠭᠠᠨ ᠬᠡᠷᠡᠭᠴᠡᠭᠡ ᠲᠠᠢ ᠬᠥᠮᠥᠨ ᠪᠣᠯᠵᠤ ᠴᠢᠳᠠᠨ᠎ᠠ︕ | | |