ᠠᠵᠢᠯᠲᠠᠨ ᠠᠵᠢᠯᠴᠢᠨ ᠤ ᠡᠮ ᠡᠮᠨᠡᠯᠬᠡ ᠶᠢᠨ ᠳᠠᠭᠠᠳᠬᠠᠯ ᠤᠨ ᠬᠤᠪᠢ ᠬᠥᠮᠥᠨ ᠤ ᠳᠠᠩᠰᠠᠨ ᠡᠷᠦᠬᠡ ᠪᠠᠷ ᠬᠡᠷᠬᠢᠨ ᠭᠡᠷ ᠪᠦᠯᠢ ᠶᠢᠨ ᠳᠣᠲᠣᠷ᠎ᠠ ᠪᠠᠨ ᠬᠠᠷᠢᠯᠴᠠᠨ ᠲᠤᠰᠠᠯᠠᠯᠴᠠᠬᠤ ᠪᠤᠢ︖
ᠨᠡᠶᠢᠲᠡᠯᠡᠭᠰᠡᠨ ᠴᠠᠭ᠄
2025/5/9
          ᠤᠯᠤᠰ ᠤᠨ ᠡᠮ ᠡᠮᠨᠡᠯᠬᠡ ᠶᠢᠨ ᠳᠠᠭᠠᠳᠬᠠᠯ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠣᠳᠣᠬᠠᠨ ᠳᠤ᠂ ᠪᠥᠬᠦ ᠤᠯᠤᠰ ᠲᠤ ᠠᠵᠢᠯᠲᠠᠨ ᠠᠵᠢᠯᠴᠢᠨ ᠤ ᠡᠮ ᠡᠮᠨᠡᠯᠬᠡ ᠶᠢᠨ ᠳᠠᠭᠠᠳᠬᠠᠯ ᠤᠨ ᠬᠤᠪᠢ ᠬᠥᠮᠥᠨ ᠤ ᠲᠠᠩᠰᠠᠨ ᠡᠷᠦᠬᠡ ᠨᠢ ᠠᠳᠠᠯᠢ ᠨᠢᠭᠡᠨ ᠡᠮ ᠡᠮᠨᠡᠯᠬᠡ ᠶᠢᠨ ᠳᠠᠭᠠᠳᠬᠠᠯ ᠤᠨ ᠨᠢᠭᠡᠳᠦᠯᠲᠡᠢ ᠲᠥᠯᠥᠪᠵᠢᠭᠦᠯᠬᠦ ᠣᠷᠣᠨ ᠤ ᠳᠣᠲᠣᠷᠠᠬᠢ ᠭᠡᠷ ᠪᠦᠯᠢ ᠶᠢᠨ ᠪᠦᠷᠢᠯᠳᠦᠭᠦᠨ ᠤ ᠬᠤᠭᠤᠷᠣᠨᠳᠤ ᠬᠠᠷᠢᠯᠴᠠᠨ ᠲᠤᠰᠠᠯᠠᠯᠴᠠᠬᠤ ᠶᠢ ᠦᠨᠳᠦᠰᠦᠨ ᠳᠡᠭᠡᠨ ᠪᠡᠶᠡᠯᠡᠭᠦᠯᠵᠦ᠂ ᠬᠡᠰᠡᠭ ᠭᠠᠵᠠᠷ ᠣᠷᠣᠨ ᠳᠤ ᠮᠤᠵᠢ ᠶᠢᠨ ᠳᠣᠲᠣᠷᠠᠬᠢ ᠠᠳᠠᠯᠢ ᠪᠤᠰᠤ ᠬᠤᠲᠠ ᠶᠢᠨ ᠬᠤᠭᠤᠷᠣᠨᠳᠣᠬᠢ ᠭᠡᠷ ᠪᠦᠯᠢ ᠶᠢᠨ ᠬᠠᠷᠢᠯᠴᠠᠨ ᠲᠤᠰᠠᠯᠠᠯᠴᠠᠬᠤ ᠶᠢ ᠨᠢᠭᠡᠨᠲᠡ ᠪᠡᠶᠡᠯᠡᠭᠦᠯᠵᠡᠢ᠃                 ᠠᠵᠢᠯᠲᠠᠨ ᠠᠵᠢᠯᠴᠢᠨ ᠤ ᠡᠮ ᠡᠮᠨᠡᠯᠬᠡ ᠶᠢᠨ ᠳᠠᠭᠠᠳᠬᠠᠯ ᠤᠨ ᠬᠤᠪᠢ ᠬᠥᠮᠥᠨ ᠤ ᠳᠠᠩᠰᠠᠨ ᠡᠷᠦᠬᠡ ᠪᠠᠷ ᠬᠡᠷᠬᠢᠨ ᠭᠡᠷ ᠪᠦᠯᠢ ᠶᠢᠨ ᠳᠣᠲᠣᠷ᠎ᠠ ᠪᠠᠨ ᠬᠠᠷᠢᠯᠴᠠᠨ ᠲᠤᠰᠠᠯᠠᠯᠴᠠᠬᠤ ᠪᠤᠢ︖ ᠶᠠᠮᠠᠷ ᠶᠠᠮᠠᠷ ᠰᠢᠯᠲᠠᠭᠠᠨ ᠠᠴᠠ ᠪᠣᠯᠵᠤ ᠡᠮ ᠡᠮᠨᠡᠯᠬᠡ ᠶᠢᠨ ᠳᠠᠭᠠᠳᠬᠠᠯ ᠤᠨ ᠬᠤᠪᠢ ᠬᠥᠮᠥᠨ ᠤ ᠳᠠᠩᠰᠠᠨ ᠡᠷᠦᠬᠡ ᠬᠠᠷᠢᠯᠴᠠᠨ ᠲᠤᠰᠠᠯᠠᠯᠴᠠᠵᠤ ᠲᠠᠶᠢᠯᠬᠦ ᠦᠭᠡᠢ ᠪᠤᠢ︖ ᠤᠯᠤᠰ ᠤᠨ ᠡᠮ ᠡᠮᠨᠡᠯᠬᠡ ᠶᠢᠨ ᠪᠠᠲᠤᠯᠠᠭ᠎ᠠ ᠶᠢᠨ ᠲᠣᠪᠴᠢᠶ᠎ᠠ 10 ᠰᠠᠷ᠎ᠠ ᠶᠢᠨ 5 ᠤ ᠡᠳᠦᠷ ᠬᠤᠯᠪᠣᠭᠳᠠᠯ ᠪᠦᠬᠦᠢ ᠬᠠᠷᠢᠭᠤᠯᠲᠠ ᠶᠢ ᠨᠡᠶᠢᠲᠡᠯᠡᠪᠡ᠃                 ᠬᠠᠷᠢᠭᠤᠯᠲᠠ ᠶᠢ ᠦᠨᠳᠦᠰᠦᠯᠡᠪᠡᠯ᠂ ᠭᠡᠷ ᠪᠦᠯᠢ ᠶᠢᠨ ᠳᠣᠲᠣᠷ᠎ᠠ ᠪᠠᠨ ᠬᠠᠷᠢᠯᠴᠠᠨ ᠲᠤᠰᠠᠯᠠᠯᠴᠠᠬᠤ ᠳᠤ ᠬᠤᠶᠠᠷ ᠤᠷᠢᠲᠠᠯ ᠨᠥᠬᠦᠴᠡᠯ ᠲᠠᠢ᠄ ᠨᠢᠭᠡ ᠳᠤ᠂ ᠬᠠᠷᠢᠯᠴᠠᠨ ᠲᠤᠰᠠᠯᠠᠯᠴᠠᠬᠤ ᠭᠡᠷ ᠪᠦᠯᠢ ᠶᠢᠨ ᠪᠦᠷᠢᠯᠳᠦᠭᠦᠨ ᠨᠢ ᠵᠥᠪᠬᠡᠨ ᠡᠴᠢᠭᠡ ᠡᠬᠡ᠂ ᠬᠠᠨᠢ ᠨᠥᠬᠦᠷ ᠪᠠ ᠦᠷ᠎ᠡ ᠬᠡᠦᠬᠡᠳ ᠵᠡᠷᠭᠡ ᠣᠶᠢᠷ᠎ᠠ ᠲᠥᠷᠥᠯ ᠰᠠᠳᠤᠨ ᠳᠤ ᠬᠢᠵᠠᠭᠠᠷᠯᠠᠭᠳᠠᠨ᠎ᠠ᠃ ᠬᠤᠶᠠᠷ ᠲᠤ᠂ ᠬᠠᠷᠢᠯᠴᠠᠨ ᠲᠤᠰᠠᠯᠠᠯᠴᠠᠬᠤ ᠭᠡᠷ ᠪᠦᠯᠢ ᠶᠢᠨ ᠪᠦᠷᠢᠯᠳᠦᠭᠦᠨ ᠨᠢ ᠡᠷᠬᠡᠪᠰᠢ ᠡᠮ ᠡᠮᠨᠡᠯᠬᠡ ᠶᠢᠨ ᠦᠨᠳᠦᠰᠦᠨ ᠳᠠᠭᠠᠳᠬᠠᠯ ᠳᠤ ᠣᠷᠣᠯᠴᠠᠭᠰᠠᠨ ᠪᠠᠶᠢᠬᠤ ᠬᠡᠷᠡᠭᠲᠡᠢ᠃ ᠵᠠᠷᠢᠮ ᠰᠦᠯᠵᠢᠶᠡᠨ ᠠᠨᠳᠠ ᠶᠢᠨ ᠲᠤᠰᠬᠠᠭᠰᠠᠨ ᠢᠶᠠᠷ᠂ ᠥᠪᠡᠷ ᠢᠶᠠᠨ ᠨᠢᠭᠡᠨᠲᠡ ︽ᠡᠮ ᠡᠮᠨᠡᠯᠬᠡ ᠶᠢᠨ ᠳᠠᠭᠠᠳᠬᠠᠯ ᠤᠨ ᠲᠥᠷᠥᠯ ᠰᠠᠳᠤᠨ ᠤ ᠬᠠᠶᠢᠷ᠎ᠠ ᠰᠡᠳᠬᠢᠯᠭᠡ ᠶᠢᠨ ᠲᠠᠩᠰᠠᠨ ᠡᠷᠦᠬᠡ︾ ᠶᠢ ᠬᠤᠯᠪᠣᠵᠠᠢ᠂ ᠭᠡᠪᠡᠴᠦ ︽ᠡᠮ ᠡᠮᠨᠡᠯᠬᠡ ᠶᠢᠨ ᠳᠠᠭᠠᠳᠬᠠᠯ ᠤᠨ ᠬᠤᠪᠢ ᠬᠥᠮᠥᠨ ᠤ ᠲᠠᠩᠰᠠᠨ ᠡᠷᠦᠬᠡ ᠶᠢᠨ ᠭᠡᠷ ᠪᠦᠯᠢ ᠶᠢᠨ ᠳᠣᠲᠣᠷ᠎ᠠ ᠪᠠᠨ ᠬᠠᠷᠢᠯᠴᠠᠨ ᠲᠤᠰᠠᠯᠠᠯᠴᠠᠬᠤ︾ ᠶᠢ ᠪᠡᠶᠡᠯᠡᠭᠦᠯᠵᠦ ᠳᠡᠶᠢᠯᠦᠭᠡᠳᠦᠢ ᠪᠠᠶᠢᠨ᠎ᠠ᠃ ᠦᠨᠡᠨ ᠳᠡᠭᠡᠨ᠂ ︽ᠲᠥᠷᠥᠯ ᠰᠠᠳᠤᠨ ᠤ ᠬᠠᠶᠢᠷ᠎ᠠ ᠰᠡᠳᠬᠢᠯᠭᠡ ᠶᠢᠨ ᠲᠠᠩᠰᠠᠨ ᠡᠷᠦᠬᠡ︾ ᠪᠣᠯᠣᠨ ︽ᠭᠡᠷ ᠪᠦᠯᠢ ᠶᠢᠨ ᠪᠦᠷᠢᠯᠳᠦᠭᠦᠨ ᠬᠤᠭᠤᠷᠣᠨᠳᠤ ᠪᠠᠨ ᠬᠠᠷᠢᠯᠴᠠᠨ ᠲᠤᠰᠠᠯᠠᠯᠴᠠᠬᠤ︾ ᠪᠣᠯ ᠬᠤᠶᠠᠷ ᠵᠦᠢᠯ ᠤᠨ ᠠᠳᠠᠯᠢ ᠪᠤᠰᠤ ᠠᠵᠢᠯᠯᠠᠭ᠎ᠠ ᠪᠣᠯᠣᠨ᠎ᠠ᠃              ᠲᠥᠷᠥᠯ ᠰᠠᠳᠤᠨ ᠤ ᠬᠠᠶᠢᠷ᠎ᠠ ᠰᠡᠳᠬᠢᠯᠭᠡ ᠶᠢᠨ ᠳᠠᠩᠰᠠᠨ ᠡᠷᠦᠬᠡ ᠪᠣᠯ ᠭᠡᠷ ᠤᠨ ᠬᠥᠮᠥᠰ ᠢᠶᠠᠨ ᠬᠠᠪᠰᠤᠷᠤᠨ ᠡᠮ ᠡᠮᠨᠡᠯᠬᠡ ᠶᠢᠨ ᠳᠠᠭᠠᠳᠬᠠᠯ ᠤᠨ ᠺᠣᠳ᠋ ᠢ ᠳᠡᠯᠭᠡᠨ ᠦᠵᠡᠭᠦᠯᠵᠦ᠂ ᠭᠡᠷ ᠤᠨ ᠬᠥᠮᠥᠰ ᠤᠨ ᠡᠮ ᠡᠮᠨᠡᠯᠬᠡ ᠶᠢᠨ ᠳᠠᠭᠠᠳᠬᠠᠯ ᠤᠨ ᠲᠤᠭ᠎ᠠ ᠬᠡᠮᠵᠢᠶ᠎ᠡ ᠶᠢ ᠵᠠᠷᠤᠴᠠᠭᠤᠯᠵᠤ᠂ ᠬᠤᠯᠪᠣᠭᠰᠠᠨ ᠬᠥᠮᠥᠨ ᠤ ᠬᠤᠪᠢ ᠬᠥᠮᠥᠨ ᠤ ᠳᠠᠩᠰᠠᠨ ᠡᠷᠦᠬᠡ ᠲᠠᠢ ᠬᠠᠮᠢᠶ᠎ᠠ ᠦᠭᠡᠢ ᠪᠠᠶᠢᠳᠠᠭ᠃ ᠭᠡᠲᠡᠯ᠎ᠡ ᠬᠠᠷᠢᠯᠴᠠᠨ ᠲᠤᠰᠠᠯᠠᠯᠴᠠᠬᠤ ᠲᠠᠩᠰᠠᠨ ᠡᠷᠦᠬᠡ ᠭᠡᠳᠡᠭ ᠨᠢ ᠬᠤᠯᠪᠣᠭᠰᠠᠨ ᠬᠥᠮᠥᠨ ᠤ ᠡᠮ ᠡᠮᠨᠡᠯᠬᠡ ᠶᠢᠨ ᠳᠠᠭᠠᠳᠬᠠᠯ ᠤᠨ ᠬᠤᠪᠢ ᠬᠥᠮᠥᠨ ᠤ ᠲᠠᠩᠰᠠᠨ ᠡᠷᠦᠬᠡ ᠪᠠᠷ ᠭᠡᠷ ᠤᠨ ᠬᠥᠮᠥᠰ ᠲᠡᠭᠡᠨ ᠬᠠᠷᠢᠯᠴᠠᠨ ᠲᠤᠰᠠᠯᠠᠯᠴᠠᠵᠤ᠂ ᠬᠤᠯᠪᠣᠭᠰᠠᠨ ᠬᠥᠮᠥᠨ ᠤ ᠵᠣᠭᠤᠰ ᠢᠶᠠᠷ ᠭᠡᠷ ᠤᠨ ᠬᠥᠮᠥᠰ ᠢᠶᠠᠨ ᠬᠠᠪᠰᠤᠷᠤᠨ ︽ᠲᠣᠭᠠᠴᠠᠭ᠎ᠠ︾ ᠬᠢᠬᠦ ᠶᠠᠪᠤᠳᠠᠯ ᠪᠣᠯᠣᠨ᠎ᠠ᠃ ᠲᠠᠨᠢᠯᠴᠠᠭᠤᠯᠤᠭᠰᠠᠨ ᠢᠶᠠᠷ᠂ ᠳᠠᠭᠠᠳᠬᠠᠯ ᠳᠤ ᠣᠷᠣᠯᠴᠠᠭᠰᠠᠳ ᠤᠯᠤᠰ ᠤᠨ ᠡᠮ ᠡᠮᠨᠡᠯᠬᠡ ᠶᠢᠨ ᠳᠠᠭᠠᠳᠬᠠᠯ ᠤᠨ ᠦᠢᠯᠡᠴᠢᠯᠡᠭᠡᠨ ᠤ ᠲᠠᠪᠴᠠᠩ ᠤᠨ ᠰᠢᠯᠵᠢᠶ᠎ᠡ ᠣᠷᠣᠨ ᠨᠤᠲᠤᠭ ᠤᠨ ᠲᠤᠰᠬᠠᠢ ᠲᠣᠭᠤᠷᠢᠭ᠂ ᠲᠤᠬᠠᠢ ᠶᠢᠨ ᠭᠠᠵᠠᠷ ᠤᠨ ᠡᠮ ᠡᠮᠨᠡᠯᠬᠡ ᠶᠢᠨ ᠳᠠᠭᠠᠳᠬᠠᠯ ᠤᠨ ᠰᠠᠯᠠᠭ᠎ᠠ ᠮᠥᠴᠢᠷ ᠤᠨ ᠵᠢᠷᠭᠢᠶ᠎ᠡ ᠨᠡᠶᠢᠲᠡ ᠶᠢᠨ ᠲᠠᠪᠴᠠᠩ᠂ ᠠᠯᠪᠠᠨ ᠤ ᠰᠦᠯᠵᠢᠶ᠎ᠡ ᠵᠡᠷᠭᠡ ︽ᠠᠵᠢᠯᠲᠠᠨ ᠠᠵᠢᠯᠴᠢᠨ ᠤ ᠡᠮ ᠡᠮᠨᠡᠯᠬᠡ ᠶᠢᠨ ᠳᠠᠭᠠᠳᠬᠠᠯ ᠤᠨ ᠬᠤᠪᠢ ᠬᠥᠮᠥᠨ ᠤ ᠲᠠᠩᠰᠠᠨ ᠡᠷᠦᠬᠡ ᠶᠢᠨ ᠭᠡᠷ ᠪᠦᠯᠢ ᠶᠢᠨ ᠳᠣᠲᠣᠷ᠎ᠠ ᠪᠠᠨ ᠬᠠᠷᠢᠯᠴᠠᠨ ᠲᠤᠰᠠᠯᠠᠯᠴᠠᠬᠤ︾ ᠴᠢᠳᠠᠮᠵᠢ ᠶᠢᠨ ᠬᠡᠰᠡᠭ ᠢᠶᠠᠷ ᠳᠠᠮᠵᠢᠭᠤᠯᠤᠨ᠂ ᠰᠦᠯᠵᠢᠶᠡᠨ ᠳᠡᠭᠡᠷ᠎ᠡ ᠭᠦᠢᠴᠡᠳᠬᠡᠬᠦ ᠶᠢ ᠪᠡᠶᠡᠯᠡᠭᠦᠯᠵᠦ ᠪᠣᠯᠣᠨ᠎ᠠ᠃                 ᠠᠩᠬᠠᠷᠤᠭᠤᠰᠢᠲᠠᠢ ᠨᠢ᠂ ᠭᠠᠭᠴᠠ ᠬᠦ ᠠᠵᠢᠯᠲᠠᠨ ᠠᠵᠢᠯᠴᠢᠨ ᠤ ᠡᠮ ᠡᠮᠨᠡᠯᠬᠡ ᠶᠢᠨ ᠳᠠᠭᠠᠳᠬᠠᠯ ᠳᠤ ᠣᠷᠣᠯᠴᠠᠭᠰᠠᠨ ᠬᠥᠮᠥᠨ ᠰᠠᠶ᠋ᠢ ᠬᠤᠪᠢ ᠬᠥᠮᠥᠨ ᠤ ᠲᠠᠩᠰᠠᠨ ᠡᠷᠦᠬᠡ ᠲᠠᠢ᠂ ᠵᠥᠪᠬᠡᠨ ᠠᠵᠢᠯᠲᠠᠨ ᠠᠵᠢᠯᠴᠢᠨ ᠤ ᠡᠮ ᠡᠮᠨᠡᠯᠬᠡ ᠶᠢᠨ ᠳᠠᠭᠠᠳᠬᠠᠯ ᠳᠤ ᠣᠷᠣᠯᠴᠠᠭᠰᠠᠨ ᠬᠥᠮᠥᠨ ᠰᠠᠶ᠋ᠢ ᠬᠤᠪᠢ ᠬᠥᠮᠥᠨ ᠤ ᠲᠠᠩᠰᠠᠨ ᠡᠷᠦᠬᠡ ᠶᠢᠨ ᠪᠡᠯᠡ ᠮᠥᠩᠭᠦ ᠶᠢ ᠭᠡᠷ ᠪᠦᠯᠢ ᠶᠢᠨ ᠪᠦᠷᠢᠯᠳᠦᠭᠦᠨ ᠳᠡᠭᠡᠨ ᠬᠠᠷᠢᠯᠴᠠᠨ ᠲᠤᠰᠠᠯᠠᠯᠴᠠᠵᠤ ᠴᠢᠳᠠᠨ᠎ᠠ᠃ ᠡᠭᠦᠨ ᠤ ᠵᠡᠷᠭᠡ ᠪᠠᠷ᠂ ᠠᠵᠢᠯᠲᠠᠨ ᠠᠵᠢᠯᠴᠢᠨ ᠤ ᠡᠮ ᠡᠮᠨᠡᠯᠬᠡ ᠶᠢᠨ ᠳᠠᠭᠠᠳᠬᠠᠯ ᠤᠨ ᠬᠤᠪᠢ ᠬᠥᠮᠥᠨ ᠤ ᠲᠠᠩᠰᠠᠨ ᠡᠷᠦᠬᠡ ᠳᠠᠬᠢ ᠵᠣᠭᠤᠰ ᠢ ᠬᠠᠮᠲᠤ ᠳᠤᠨᠢ ᠬᠠᠩᠭᠠᠵᠤ᠂ ᠺᠠᠷᠲ ᠢ ᠬᠠᠮᠲᠤ ᠳᠤᠨᠢ ᠬᠡᠷᠡᠭᠯᠡᠵᠦ ᠪᠣᠯᠬᠤ ᠦᠭᠡᠢ᠃ ᠶᠠᠮᠠᠷᠪᠠ ᠪᠠᠶᠢᠳᠠᠯ ᠳᠣᠣᠷ᠎ᠠ ᠴᠤ ᠭᠡᠰᠡᠨ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ ᠳᠤ ᠡᠷᠬᠡᠪᠰᠢ ᠡᠪᠡᠳᠴᠢᠲᠡᠨ ᠤ ᠬᠤᠪᠢ ᠬᠥᠮᠥᠨ ᠤ ᠡᠮ ᠡᠮᠨᠡᠯᠬᠡ ᠶᠢᠨ ᠳᠠᠭᠠᠳᠬᠠᠯ ᠤᠨ ᠺᠠᠷᠲ ᠢ ᠬᠡᠷᠡᠭᠯᠡᠬᠦ ᠬᠡᠷᠡᠭᠲᠡᠢ᠃                 ᠤᠯᠤᠰ ᠤᠨ ᠡᠮ ᠡᠮᠨᠡᠯᠬᠡ ᠶᠢᠨ ᠳᠠᠭᠠᠳᠬᠠᠯ ᠤᠨ ᠲᠣᠪᠴᠢᠶ᠎ᠠ ᠶᠢᠨ ᠬᠠᠮᠤᠭ ᠤᠨ ᠰᠢᠨ᠎ᠡ ᠲᠤᠭ᠎ᠠ ᠪᠠᠷᠢᠮᠲᠠ ᠳᠤ ᠬᠠᠷᠠᠭᠤᠯᠤᠭᠰᠠᠨ ᠢᠶᠠᠷ᠂ ᠡᠨᠡ ᠵᠢᠯ ᠤᠨ 1 ᠠᠴᠠ 8 ᠰᠠᠷ᠎ᠠ ᠪᠣᠯᠲᠠᠯ᠎ᠠ ᠠᠵᠢᠯᠲᠠᠨ ᠠᠵᠢᠯᠴᠢᠨ ᠤ ᠡᠮ ᠡᠮᠨᠡᠯᠬᠡ ᠶᠢᠨ ᠳᠠᠭᠠᠳᠬᠠᠯ ᠤᠨ ᠬᠤᠪᠢ ᠬᠥᠮᠥᠨ ᠤ ᠲᠠᠩᠰᠠᠨ ᠡᠷᠦᠬᠡ ᠶᠢ ᠨᠡᠶᠢᠲᠡ 2.18 ᠳ᠋ᠦᠩᠰᠢᠭᠤᠷ ᠬᠥᠮᠥᠨ ᠤᠳᠠᠭ᠎ᠠ ᠰᠢᠢᠳᠪᠦᠷᠢᠯᠡᠵᠦ᠂ ᠨᠡᠶᠢᠲᠡ 262.57 ᠳ᠋ᠦᠩᠰᠢᠭᠤᠷ ᠲᠥᠭᠦᠷᠢᠭ ᠬᠠᠷᠢᠯᠴᠠᠨ ᠲᠤᠰᠠᠯᠠᠯᠴᠠᠵᠠᠢ᠃ 9 ᠰᠠᠷ᠎ᠠ ᠶᠢᠨ 16 ᠤ ᠡᠳᠦᠷ ᠪᠣᠯᠲᠠᠯ᠎ᠠ᠂ 11 ᠮᠤᠵᠢ ᠣᠷᠣᠨ ᠨᠢᠭᠡᠨᠲᠡ ᠬᠠᠷᠢᠯᠴᠠᠨ ᠲᠤᠰᠠᠯᠠᠯᠴᠠᠬᠤ ᠬᠡᠪᠴᠢᠶ᠎ᠡ ᠪᠠᠨ ᠣᠶᠢᠷ᠎ᠠ ᠲᠥᠷᠥᠯ ᠰᠠᠳᠤᠨ ᠬᠦᠷᠲᠡᠯ᠎ᠡ ᠥᠷᠭᠡᠳᠬᠡᠵᠦ᠂ 26 ᠮᠤᠵᠢ ᠣᠷᠣᠨ ᠵᠢᠴᠢ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠨᠢᠭᠡᠨᠲᠡ ᠠᠵᠢᠯᠲᠠᠨ ᠠᠵᠢᠯᠴᠢᠨ ᠤ ᠡᠮ ᠡᠮᠨᠡᠯᠬᠡ ᠶᠢᠨ ᠳᠠᠭᠠᠳᠬᠠᠯ ᠤᠨ ᠬᠤᠪᠢ ᠬᠥᠮᠥᠨ ᠤ ᠲᠠᠩᠰᠠᠨ ᠡᠷᠦᠬᠡ ᠶᠢ ᠮᠤᠵᠢ ᠶᠢᠨ ᠳᠣᠲᠣᠷ᠎ᠠ ᠪᠠᠨ ᠨᠢᠭᠡᠳᠦᠯᠲᠡᠢ ᠲᠥᠯᠥᠪᠵᠢᠭᠦᠯᠬᠦ ᠣᠷᠣᠨ ᠠᠯᠤᠰᠯᠠᠨ ᠬᠠᠷᠢᠯᠴᠠᠨ ᠲᠤᠰᠠᠯᠠᠯᠴᠠᠬᠤ ᠶᠢ ᠪᠡᠶᠡᠯᠡᠭᠦᠯᠪᠡ᠃ ᠤᠯᠤᠰ ᠤᠨ ᠡᠮ ᠡᠮᠨᠡᠯᠬᠡ ᠶᠢᠨ ᠳᠠᠭᠠᠳᠬᠠᠯ ᠤᠨ ᠲᠣᠪᠴᠢᠶ᠎ᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠡᠮᠦᠨᠡᠬᠡᠨ᠂ ᠵᠢᠱᠢᠯᠲᠡ ᠪᠠᠷ ᠡᠨᠡ ᠵᠢᠯ ᠤᠨ ᠰᠡᠭᠦᠯᠴᠢ ᠪᠣᠯᠬᠤ ᠳᠤ᠂ ᠡᠯ᠎ᠡ ᠭᠠᠵᠠᠷ ᠤᠨ ᠬᠢᠨ ᠬᠤᠪᠢ ᠬᠥᠮᠥᠨ ᠤ ᠲᠠᠩᠰᠠᠨ ᠡᠷᠦᠬᠡ ᠶᠢᠨ ᠮᠤᠵᠢ ᠶᠢᠨ ᠳᠣᠲᠣᠭᠠᠳᠤ ᠳᠤ ᠬᠠᠷᠢᠯᠴᠠᠨ ᠲᠤᠰᠠᠯᠠᠯᠴᠠᠬᠤ ᠶᠢ ᠪᠡᠶᠡᠯᠡᠭᠦᠯᠵᠦ᠂ ᠢᠷᠡᠬᠦ ᠵᠢᠯ ᠠᠴᠠ ᠡᠬᠢᠯᠡᠨ ᠮᠤᠵᠢ ᠠᠯᠤᠰᠯᠠᠨ ᠬᠠᠷᠢᠯᠴᠠᠨ ᠲᠤᠰᠠᠯᠠᠯᠴᠠᠬᠤ ᠶᠢ ᠰᠦᠪᠡᠭᠴᠢᠯᠡᠨ ᠠᠬᠢᠭᠤᠯᠬᠤ ᠪᠣᠯᠣᠨ᠎ᠠ ᠭᠡᠵᠦ ᠢᠯᠡᠳᠬᠡᠪᠡ᠃  
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ