ᠬᠠᠭᠤᠴᠢ ᠦᠭᠡᠨ ᠳᠤ ︽ᠳᠠᠯ᠎ᠠ ᠬᠦᠷᠦᠭᠰᠡᠳ ᠡᠷᠲᠡᠨ ᠠᠴᠠ ᠴᠥᠭᠡᠨ︾ ᠭᠡᠵᠦ ᠬᠡᠯᠡᠳᠡᠭ ᠰᠠᠨ᠃ ᠣᠯᠠᠩᠬᠢ ᠬᠥᠮᠥᠰ ᠳᠠᠯ᠎ᠠ ᠬᠦᠷᠦᠮᠡᠭᠴᠡ ᠰᠠᠬᠠᠯ ᠰᠠᠨᠴᠢᠭ | ᠨᠢ ᠴᠠᠶᠢᠵᠤ᠂ ᠨᠢᠳᠦ ᠴᠢᠬᠢ ᠨᠢ ᠮᠠᠭᠤᠳᠠᠳᠠᠭ᠃ ᠥᠲᠡᠯᠬᠦ ᠭᠡᠳᠡᠭ ᠪᠣᠯ ᠬᠥᠮᠥᠨ ᠲᠥᠷᠥᠯᠬᠢᠲᠡᠨ ᠤ ᠠᠮᠢ ᠨᠠᠰᠤᠨ ᠯᠤᠭ᠎ᠠ ᠨᠢᠭᠲᠠ ᠬᠤᠯᠪᠣᠭᠳᠠᠵᠤ ᠪᠠᠶᠢᠬᠤ ᠪᠣᠯᠬᠤᠷ | ᠳᠡᠯᠡᠬᠡᠢ ᠨᠡᠶᠢᠲᠡ ᠪᠠᠷ ᠢᠶᠠᠨ ᠡᠨᠡ ᠠᠰᠠᠭᠤᠳᠠᠯ ᠢ ᠮᠠᠰᠢ ᠠᠩᠬᠠᠷᠴᠤ ᠪᠤᠢ᠃ ᠡᠯ᠎ᠡ ᠤᠯᠤᠰ ᠤᠨ ᠰᠤᠳᠤᠯᠤᠯ ᠤᠨ ᠮᠠᠲ᠋ᠧᠷᠢᠶᠠᠯ ᠠᠴᠠ ᠦᠵᠡᠪᠡᠯ᠂ ᠥᠲᠡᠯᠬᠦ ᠰᠢᠯᠲᠠᠭᠠᠨ | ᠪᠠᠷᠤᠭ 300 ᠭᠠᠷᠤᠢ ᠵᠦᠢᠯ ᠪᠠᠶᠢᠨ᠎ᠠ᠃ ᠤᠯᠠᠨ ᠤ ᠮᠡᠳᠡᠭᠡᠵᠢ ᠪᠠᠷ ᠡᠪᠡᠳᠴᠢᠨ ᠡᠮᠭᠡᠭ᠂ ᠰᠢᠮ᠎ᠡ ᠲᠡᠵᠢᠭᠡᠯ ᠤᠨ ᠬᠤᠪᠢᠷᠠᠯᠲᠠ ᠪᠠ ᠤᠳᠤᠮᠰᠢᠯ ᠤᠨ ᠠᠷᠬᠠᠭ ᠵᠡᠷᠭᠡ | ᠬᠡᠳᠦᠨ ᠵᠦᠢᠯ ᠤᠨ ᠰᠢᠯᠲᠠᠭᠠᠨ ᠨᠢ ᠭᠤᠣᠯ ᠪᠤᠯᠳᠠᠭ ᠶᠤᠮ᠃ | ᠶᠡᠭᠡ ᠲᠥᠯᠥᠪ ᠲᠤᠨᠢ ᠠᠪᠴᠤ ᠬᠡᠯᠡᠪᠡᠯ᠂ ᠨᠠᠰᠤᠵᠢᠭᠰᠠᠨ ᠬᠥᠮᠥᠰ ᠤᠨ ᠡᠪᠡᠳᠴᠢᠨ ᠢ ᠡᠰᠡᠷᠭᠦᠴᠡᠬᠦ ᠴᠢᠳᠠᠪᠤᠷᠢ ᠪᠠᠷᠤᠭᠲᠠᠢ ᠪᠣᠯᠬᠤᠷ ᠬᠠᠯᠳᠠᠪᠤᠷᠢᠲᠦ | ᠡᠪᠡᠳᠴᠢᠨ ᠳᠤ ᠬᠢᠯᠪᠠᠷᠬᠠᠨ ᠨᠡᠷᠪᠡᠭᠳᠡᠳᠡᠭ᠃ ᠨᠠᠰᠤᠵᠢᠭᠰᠠᠨ ᠬᠥᠮᠥᠰ ᠤᠨ ᠬᠥᠳᠡᠯᠭᠡᠭᠡᠨ ᠤ ᠬᠡᠮᠵᠢᠶ᠎ᠡ ᠪᠠᠭ᠎ᠠ ᠤᠴᠢᠷ ᠠᠴᠠ ᠰᠢᠮ᠎ᠡ ᠲᠡᠵᠢᠭᠡᠯ ᠱᠠᠭᠠᠷᠳᠠᠬᠤ ᠬᠡᠮᠵᠢᠶ᠎ᠡ ᠨᠢ | ᠴᠦ ᠪᠠᠭ᠎ᠠ ᠪᠤᠯᠳᠠᠭ᠃ ᠬᠡᠷᠪᠡ ᠰᠥᠰᠥᠨ ᠤ ᠴᠢᠯᠠᠭᠤᠯᠢᠭ ᠠᠯᠺᠦᠦᠯ ᠲᠠᠢ ᠢᠳᠡᠭᠡᠨ ᠢᠯᠡᠭᠦᠦ ᠢᠳᠡᠪᠡᠯ ᠠᠮᠠᠷᠬᠠᠨ ᠲᠠᠷᠭᠤᠯᠠᠵᠤ᠂ ᠲᠡᠷᠡᠴᠢᠯᠡᠨ ᠴᠢᠰᠤᠨ ᠳᠠᠷᠤᠯᠲᠠ | ᠥᠨᠳᠥᠷ᠂ ᠵᠢᠷᠦᠬᠡᠨ ᠲᠢᠲᠢᠮ ᠤᠨ ᠡᠪᠡᠳᠴᠢᠨ᠂ ᠰᠢᠬᠢᠷ ᠰᠢᠵᠢᠩ ᠡᠪᠡᠳᠴᠢᠨ ᠳᠤ ᠨᠡᠷᠪᠡᠭᠳᠡᠳᠡᠭ᠃ ᠦᠮᠡᠨ ᠡᠪᠡᠳᠴᠢᠨ ᠪᠤᠶᠤ ᠤᠳᠠᠭᠠᠨ ᠴᠢᠨᠠᠷᠲᠠᠢ ᠰᠠᠯᠪᠤᠷᠢ | ᠮᠦᠭᠡᠷᠰᠦᠨ ᠬᠤᠭᠤᠯᠠᠢ ᠶᠢᠨ ᠡᠪᠡᠳᠴᠢᠨ ᠵᠡᠷᠭᠡ ᠨᠢ ᠨᠠᠰᠤᠵᠢᠭᠰᠠᠨ ᠬᠥᠮᠥᠰ ᠤᠨ ᠤᠯᠠᠨ ᠨᠡᠷᠪᠡᠭᠳᠡᠳᠡᠭ ᠡᠪᠡᠳᠴᠢᠨ ᠪᠣᠯᠣᠨ᠎ᠠ᠃ | ᠡᠳᠡᠭᠡᠷ ᠪᠤᠢ ᠪᠦᠬᠦᠢ ᠬᠦᠴᠦᠨ ᠵᠦᠢᠯ ᠤᠳ ᠨᠢ ᠬᠥᠮᠥᠨ ᠤ ᠪᠡᠶ᠎ᠡ ᠶᠢᠨ ᠨᠡᠬᠡᠳᠡᠰᠦ ᠪᠣᠯᠣᠨ ᠳᠣᠲᠣᠷ ᠡᠷᠬᠡᠲᠡᠨ ᠤ ᠰᠢᠰᠲ᠋ᠧᠮ ᠲᠠᠢ ᠠᠵᠢᠯᠯᠠᠭ᠎ᠠ ᠶᠢ | ᠨᠡᠶᠢᠳᠡᠮ ᠪᠠᠭᠤᠷᠠᠭᠤᠯᠤᠨ ᠬᠥᠭᠰᠢᠷᠡᠭᠦᠯᠳᠡᠭ᠃ ᠡᠭᠦᠨ ᠢ ᠡᠮᠨᠡᠯᠭᠡ ᠶᠢᠨ ᠤᠬᠠᠭᠠᠨ ᠳᠤ ᠥᠲᠡᠯᠬᠦ ᠭᠡᠳᠡᠭ᠃ ᠬᠥᠮᠥᠰ ᠤᠯᠠᠨ ᠵᠢᠯ ᠤᠨ ᠲᠤᠷᠰᠢ᠂ ᠥᠲᠡᠯᠬᠦ ᠪᠠ ᠲᠡᠭᠦᠨ ᠢ | ᠰᠢᠨᠵᠢᠯᠡᠬᠦ ᠤᠬᠠᠭᠠᠨᠴᠢ ᠪᠠᠷ ᠤᠷᠢᠳᠴᠢᠯᠠᠨ ᠰᠡᠷᠭᠡᠶᠢᠯᠡᠬᠦ ᠠᠷᠭ᠎ᠠ ᠵᠠᠮ ᠢ ᠰᠦᠪᠡᠭᠴᠢᠯᠡᠨ ᠰᠤᠳᠤᠯᠬᠤ ᠪᠠᠷ ᠶᠡᠭᠡ ᠦᠨ᠎ᠡ ᠦᠷᠳᠡᠭ ᠢ ᠵᠠᠷᠤᠴᠠᠭᠤᠯᠵᠤ ᠥᠩᠭᠡᠷᠡᠪᠡ᠃ | ᠥᠲᠡᠯᠬᠦ ᠶᠢ ᠰᠡᠷᠭᠡᠶᠢᠯᠡᠬᠦ ᠭᠡᠳᠡᠭ ᠨᠢ ᠳᠠᠷᠤᠢ ᠨᠠᠰᠤᠨ ᠬᠤᠲᠤᠭ ᠢ ᠤᠷᠲᠤᠳᠬᠠᠬᠤ ᠭᠡᠰᠡᠨ ᠤᠳᠬ᠎ᠠ ᠲᠠᠢ ᠶᠤᠮ᠃ ᠵᠠᠷᠢᠮ ᠬᠥᠮᠥᠨ ᠪᠠᠨᠠᠨᠠ ᠪᠣᠯ ᠤᠷᠳᠦ | ᠨᠠᠰᠤᠯᠠᠬᠤ ᠳᠤ ᠤᠬᠢ ᠢᠳᠡᠭᠡᠨ ᠪᠣᠯᠬᠤᠷ ᠢᠯᠡᠭᠦᠬᠡᠨ ᠢᠳᠡᠪᠡᠯ ᠰᠠᠶᠢᠨ ᠭᠡᠵᠦ ᠦᠵᠡᠳᠡᠭ︔ ᠪᠠᠰᠠ ᠵᠠᠷᠢᠮ ᠲᠤᠷᠰᠢᠯᠲᠠ ᠲᠤᠰᠬᠠᠭᠰᠠᠨ ᠨᠢ᠂ ᠲᠣᠭᠲᠠᠭᠰᠠᠨ | ᠬᠤᠭᠤᠴᠠᠭ᠎ᠠ ᠲᠠᠢ ᠪᠠᠷ ᠰᠦᠳᠡ ᠲᠠᠢ ᠤᠰᠤ ᠪᠠᠷ ᠪᠡᠶ᠎ᠡ ᠪᠠᠨ ᠤᠬᠢᠶᠠᠪᠠᠯ ᠥᠲᠡᠯᠬᠦ ᠶᠢ ᠰᠡᠷᠭᠡᠶᠢᠯᠡᠵᠦ ᠪᠣᠯᠣᠨ᠎ᠠ ᠭᠡᠳᠡᠭ᠃ | ᠭᠡᠲᠡᠯ᠎ᠡ ᠡᠳᠡᠭᠡᠷ ᠪᠦᠬᠦᠨ ᠨᠢ ᠪᠦᠷ ᠯᠡ ᠬᠠᠷᠠᠬᠠᠨ ᠬᠥᠮᠥᠨ ᠢ ᠦᠨᠡᠮᠰᠢᠭᠦᠯᠦᠮᠡᠷ ᠦᠨᠳᠦᠰᠦ ᠪᠠᠷᠢᠮᠲᠠ ᠦᠭᠡᠢ ᠪᠠᠶᠢᠭᠰᠠᠭᠠᠷ ᠪᠢᠯᠡ᠃ ᠬᠤᠵᠢᠮ ᠨᠢ | ᠡᠮᠨᠡᠯᠭᠡ ᠶᠢᠨ ᠤᠬᠠᠭᠠᠨ ᠤ ᠰᠤᠳᠤᠯᠤᠯᠲᠠ ᠨᠢ ᠪᠡᠶ᠎ᠡ ᠶᠢᠨ ᠲᠠᠮᠢᠷ ᠤᠨ ᠪᠣᠯᠪᠠᠰᠤᠷᠠᠯ ᠪᠣᠯ ᠥᠲᠡᠯᠬᠦ ᠶᠢ ᠤᠳᠠᠭᠠᠰᠢᠷᠠᠭᠤᠯᠬᠤ ᠳᠤ ᠲᠤᠶᠢᠯ ᠤᠨ ᠴᠢᠬᠤᠯᠠ ᠦᠢᠯᠡᠳᠦᠯ | ᠭᠠᠷᠭᠠᠳᠠᠭ ᠭᠡᠰᠡᠨ ᠢ ᠣᠯᠵᠤ ᠮᠡᠳᠡᠪᠡ᠄ ᠨᠠᠶᠠᠨ ᠬᠤᠶᠠᠷ ᠨᠠᠰᠤᠲᠠᠢ ᠭᠧᠷᠮᠠᠨ ᠤ ᠲᠠᠮᠢᠷᠴᠢᠨ ᠯᠠᠮᠪᠤᠶᠢᠲ ᠤᠨ ᠵᠢᠷᠦᠬᠡᠨ ᠤ ᠠᠵᠢᠯᠯᠠᠭᠠᠨ ᠤ ᠴᠢᠳᠠᠪᠤᠷᠢ ᠨᠢ ᠬᠤᠷᠢᠨ ᠲᠠᠪᠤᠨ | ᠨᠠᠰᠤ ᠲᠠᠢ ᠵᠠᠯᠠᠭᠤ ᠬᠥᠮᠥᠨ ᠲᠠᠢ ᠠᠳᠠᠯᠢ ᠪᠠᠶᠢᠪᠠ᠃ ᠬᠦᠯᠢᠴᠡᠩᠭᠦᠢ ᠲᠡᠰᠪᠦᠷᠢᠯᠡᠯ ᠤᠨ ᠪᠣᠯᠪᠠᠰᠤᠷᠠᠯ ︵ᠬᠦᠯᠢᠴᠡᠩᠭᠦᠢ ᠲᠡᠰᠪᠦᠷᠢᠯᠡᠯ ᠨᠢ ᠳᠣᠲᠣᠭᠠᠳᠤ ᠱᠦᠭᠦᠷᠡᠯ ᠢ | ᠵᠠᠬᠢᠷᠴᠤ ᠪᠤᠢ︶ ᠨᠢ ᠨᠠᠰᠤ ᠠᠬᠢᠭᠰᠠᠨ ᠡᠮᠡᠭᠲᠡᠢ ᠶᠢ ᠴᠦ ᠭᠡᠰᠡᠨ ᠵᠠᠯᠠᠭᠤ ᠪᠣᠯᠭᠠᠳᠠᠭ᠃ ᠮᠠᠨ ᠤ ᠤᠯᠤᠰ ᠤᠨ ᠡᠷᠲᠡᠨ ᠤ ᠲᠡᠦᠬᠡ ᠰᠤᠳᠤᠷ ᠲᠤ᠂ ᠠᠯᠳᠠᠷᠲᠤ ᠡᠮᠴᠢ ᠬᠤᠸᠠ | ᠲᠦᠸᠧ ᠶᠢᠨ ᠱᠠᠪᠢ ᠦ᠋ ᠫᠦ᠋ ᠴᠢᠨ ︽ᠲᠠᠪᠤᠨ ᠵᠢᠭᠦᠷᠲᠡᠨ ᠤ ᠲᠣᠭᠯᠠᠭᠠᠮ︾ ᠢ ᠪᠣᠯᠪᠠᠰᠤᠷᠠᠭᠰᠠᠨ ᠠᠴᠠ ᠶᠡᠷᠡᠨ ᠨᠠᠰᠤ ᠬᠥᠷᠥᠴᠢᠬᠡᠭᠡᠳ ᠪᠠᠰᠠ ᠨᠢᠳᠦ ᠴᠢᠬᠢ ᠨᠢ | ᠰᠣᠷᠭᠤᠭ ᠪᠥᠭᠡᠳ ᠴᠤᠭ ᠵᠢᠪᠬᠤᠭ᠎ᠠ ᠲᠠᠢ ᠪᠠᠶᠢᠵᠤᠬᠤᠢ ᠬᠡᠮᠡᠨ ᠲᠡᠮᠳᠡᠭᠯᠡᠵᠦ ᠪᠤᠢ᠃ | ᠲᠡᠶᠢᠮᠦ ᠠᠴᠠ ᠪᠡᠶ᠎ᠡ ᠶᠢᠨ ᠲᠠᠮᠢᠷ ᠤᠨ ᠬᠥᠳᠡᠯᠭᠡᠭᠡᠨ ᠨᠢ ᠡᠯ᠎ᠡ ᠡᠷᠬᠡᠲᠡᠨ ᠤ ᠠᠵᠢᠯᠯᠠᠭ᠎ᠠ ᠶᠢ ᠨᠡᠶᠢᠳᠡᠮ ᠰᠠᠶᠢᠵᠢᠷᠠᠭᠤᠯᠵᠤ᠂ ᠡᠯ᠎ᠡ ᠡᠷᠬᠡᠲᠡᠨ ᠤ ᠮᠠᠭᠤᠲᠠᠬᠤ ᠶᠢ | ᠰᠡᠷᠭᠡᠶᠢᠯᠡᠨ ᠬᠢᠵᠠᠭᠠᠷᠯᠠᠵᠤ᠂ ᠡᠪᠡᠳᠴᠢᠨ ᠡᠮᠭᠡᠭ ᠢ ᠰᠡᠷᠭᠡᠶᠢᠯᠡᠨ᠂ ᠥᠲᠡᠯᠬᠦ ᠶᠢ ᠤᠳᠠᠭᠠᠰᠢᠷᠠᠭᠤᠯᠳᠠᠭ ᠪᠦᠲᠦᠮᠵᠢᠲᠡᠢ ᠠᠷᠭ᠎ᠠ ᠬᠡᠮᠵᠢᠶ᠎ᠡ ᠭᠡᠵᠦ ᠬᠥᠮᠥᠰ ᠦᠵᠡᠵᠦ ᠪᠤᠢ᠃ | ᠵᠢᠮ᠎ᠡ ᠶᠣᠰᠣ ᠲᠠᠢ ᠠᠮᠢᠳᠤᠷᠠᠯ ᠪᠣᠯ ᠡᠷᠡᠭᠦᠯ ᠮᠡᠨᠳᠦ ᠶᠠᠪᠤᠵᠤ ᠤᠷᠲᠦ ᠨᠠᠰᠤᠯᠠᠬᠤ ᠶᠢᠨ ᠴᠢᠬᠤᠯᠠ ᠨᠥᠬᠦᠴᠡᠯ ᠮᠥᠨ ᠭᠡᠵᠦ ᠮᠠᠰᠢ ᠤᠯᠠᠨ ᠮᠠᠲ᠋ᠧᠷᠢᠶᠠᠯ ᠨᠤᠲᠠᠯᠠᠵᠤ ᠪᠤᠢ᠃ | ᠳᠦᠷᠪᠡᠨ ᠤᠯᠠᠷᠢᠯ ᠤᠨ ᠠᠭᠤᠷ ᠠᠮᠢᠰᠬᠤᠯ ᠯᠤᠭ᠎ᠠ ᠵᠣᠬᠢᠴᠠᠭᠤᠯᠤᠨ ᠡᠷᠲᠡ ᠤᠨᠲᠠᠵᠤ᠂ ᠡᠷᠲᠡ ᠪᠣᠰᠴᠤ᠂ ᠲᠣᠭᠲᠠᠭᠰᠠᠨ ᠴᠠᠭ ᠲᠠᠭᠠᠨ ᠢᠳᠡᠵᠦ ᠤᠤᠭᠤᠬᠤ ᠬᠡᠷᠡᠭᠲᠡᠢ᠃ | ᠬᠠᠮᠤᠭ ᠤᠨ ᠰᠠᠶᠢᠨ ᠨᠢ ᠳᠠᠩᠴᠤ ᠴᠠᠳᠲᠠᠯ᠎ᠠ ᠢᠳᠡᠬᠦ ᠦᠭᠡᠢ ᠪᠠᠶᠢᠵᠤ᠂ ᠢᠳᠡᠵᠦ ᠪᠠᠷᠠᠭᠰᠠᠨ ᠤ ᠳᠠᠷᠠᠭ᠎ᠠ ᠭᠠᠳᠠᠭᠤᠷ ᠠᠯᠬᠤᠯᠠᠪᠠᠯ ᠵᠣᠬᠢᠨ᠎ᠠ᠃ ᠢᠳᠡᠰᠢᠨ ᠨᠣᠭᠤᠭ᠎ᠠ᠂ | ᠪᠤᠷᠴᠠᠭ ᠤᠨ ᠵᠦᠢᠯ ᠢ ᠢᠯᠡᠭᠦᠦ ᠢᠳᠡᠵᠦ᠂ ᠥᠭᠡᠬᠦ᠂ ᠥᠨᠳᠡᠭᠡᠨ ᠰᠢᠷ᠎ᠠ ᠶᠢᠨ ᠵᠦᠢᠯ ᠢ ᠳᠤᠲᠠᠭᠤ ᠢᠳᠡᠬᠦ ᠬᠡᠷᠡᠭᠲᠡᠢ᠃ ᠬᠡᠷᠪᠡ ᠪᠡᠶ᠎ᠡ ᠶᠢᠨ ᠬᠦᠨᠳᠦ ᠬᠡᠲᠦᠷᠬᠡᠢ | ᠨᠡᠮᠡᠭᠳᠡᠭᠰᠡᠨ ᠪᠠᠶᠢᠪᠠᠯ ᠬᠥᠳᠡᠯᠭᠡᠭᠡᠨ ᠬᠢᠬᠦ ᠴᠠᠭ ᠢᠶᠠᠨ ᠤᠷᠲᠤᠳᠬᠠᠵᠤ᠂ ᠬᠤᠭᠤᠯᠠ ᠢᠳᠡᠭᠡᠨ ᠪᠣᠯᠣᠨ ᠢᠯᠴᠢ ᠶᠢ ᠵᠣᠬᠢᠬᠤ ᠬᠡᠮᠵᠢᠶ᠎ᠡ ᠪᠠᠷ ᠪᠠᠭᠠᠰᠬᠠᠬᠤ ᠬᠡᠷᠡᠭᠲᠡᠢ᠃ |