ᠶᠠᠭᠤᠨ ᠳᠤ ᠬᠥᠩᠭᠡᠪᠲᠦᠷ ᠶᠠᠯᠠᠲᠤ ᠠᠵᠢᠯᠯᠠᠭ᠎ᠠ ᠶᠢᠨ ᠲᠡᠮᠳᠡᠭᠯᠡᠯ ᠢ ᠪᠢᠲᠡᠭᠦᠮᠵᠢᠯᠡᠨ ᠬᠠᠳᠠᠭᠠᠯᠠᠬᠤ ᠳᠦᠷᠢᠮ ᠪᠠᠶᠢᠭᠤᠯᠬᠤ ᠪᠤᠢ
ᠨᠡᠶᠢᠲᠡᠯᠡᠭᠰᠡᠨ ᠴᠠᠭ᠄
2025/5/9
          ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠲᠣᠭᠲᠠᠭᠠᠯ︾ ᠳᠤ᠄ ︽ᠬᠥᠩᠭᠡᠪᠲᠦᠷ ᠶᠠᠯᠠᠲᠤ ᠠᠵᠢᠯᠯᠠᠭ᠎ᠠ ᠶᠢᠨ ᠲᠡᠮᠳᠡᠭᠯᠡᠯ ᠢ ᠪᠢᠲᠡᠭᠦᠮᠵᠢᠯᠡᠨ ᠬᠠᠳᠠᠭᠠᠯᠠᠬᠤ ᠳᠦᠷᠢᠮ ᠢ ᠪᠠᠶᠢᠭᠤᠯᠤᠨ᠎ᠠ︾ ᠭᠡᠵᠦ ᠳᠤᠷᠠᠳᠪᠠ᠃                 ᠡᠨᠡ ᠪᠣᠯ ᠡᠷᠡᠭᠦᠦ ᠶᠢᠨ ᠬᠡᠷᠡᠭ ᠤᠨ ᠬᠠᠤᠯᠢ ᠪᠠᠷᠢᠬᠤ ᠳᠦᠷᠢᠮ ᠤᠨ ᠰᠢᠨ᠎ᠡ ᠶᠢ ᠡᠭᠦᠳᠬᠦ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠮᠥᠨ᠂ ᠡᠨᠡ ᠨᠢ ᠬᠥᠮᠥᠨ ᠤ ᠡᠷᠬᠡ ᠶᠢᠨ ᠬᠠᠤᠯᠢ ᠪᠠᠷᠢᠬᠤ ᠪᠠᠲᠤᠯᠠᠭ᠎ᠠ ᠶᠢ ᠴᠢᠩᠭᠠᠳᠬᠠᠵᠤ᠂ ᠬᠠᠤᠯᠢ ᠪᠠᠷ ᠵᠠᠰᠠᠬᠤ ᠪᠣᠯᠪᠠᠰᠤᠨ ᠢ ᠢᠯᠡᠷᠡᠭᠦᠯᠵᠦ᠂ ᠨᠡᠶᠢᠭᠡᠮ ᠤᠨ ᠡᠰᠡᠷᠭᠦᠴᠡᠯᠳᠦᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠨᠠᠵᠠᠭᠠᠢ ᠬᠦᠴᠦᠨ ᠵᠦᠢᠯ ᠢ ᠢᠳᠡᠪᠬᠢᠲᠡᠢ ᠬᠦᠴᠦᠨ ᠵᠦᠢᠯ ᠪᠣᠯᠭᠠᠨ ᠬᠤᠪᠢᠷᠠᠭᠤᠯᠵᠤ᠂ ᠨᠡᠶᠢᠭᠡᠮ ᠤᠨ ᠳᠠᠪᠰᠢᠯᠲᠠ ᠶᠢ ᠠᠬᠢᠭᠤᠯᠬᠤ ᠳᠤ ᠠᠰᠢᠭᠲᠠᠢ ᠶᠤᠮ᠃ ᠡᠭᠦᠨ ᠢ ᠳᠣᠣᠷᠠᠬᠢ ᠭᠤᠷᠪᠠᠨ ᠲᠠᠯ᠎ᠠ ᠪᠠᠷ ᠣᠶᠢᠯᠠᠭᠠᠵᠤ ᠪᠣᠯᠣᠨ᠎ᠠ᠃            ᠨᠢᠭᠡᠳᠦᠭᠡᠷ ᠲᠤ᠂ ᠡᠨᠡ ᠬᠦ ᠳᠦᠷᠢᠮ ᠨᠢ ᠠᠭᠤᠴᠢᠯᠠᠬᠤ ᠶᠠᠯᠠᠯᠠᠬᠤ ᠶᠢ ᠬᠤᠣᠰᠯᠠᠭᠤᠯᠬᠤ ᠡᠷᠡᠭᠦᠦ ᠶᠢᠨ ᠬᠡᠷᠡᠭ ᠤᠨ ᠲᠦᠷᠦ ᠶᠢᠨ ᠪᠣᠳᠣᠯᠭ᠎ᠠ ᠶᠢ ᠢᠯᠡᠷᠡᠭᠦᠯᠦᠨ ᠨᠠᠶᠢᠳᠠᠪᠤᠷᠢᠵᠢᠭᠤᠯᠵᠤ᠂ ᠬᠥᠩᠭᠡᠪᠲᠦᠷ ᠶᠠᠯᠠᠲᠤ ᠠᠵᠢᠯᠯᠠᠭ᠎ᠠ ᠳᠤ ᠬᠡᠷᠡᠭᠯᠡᠵᠦ᠂ ᠬᠦᠨᠳᠦ ᠶᠠᠯ᠎ᠠ ᠳᠤ ᠬᠡᠷᠡᠭᠯᠡᠬᠦ ᠦᠭᠡᠢ᠃ ᠣᠶᠢᠷ᠎ᠠ ᠶᠢᠨ ᠵᠢᠯ ᠤᠳ ᠲᠤ᠂ ᠮᠠᠨ ᠤ ᠤᠯᠤᠰ ᠤᠨ ᠡᠷᠡᠭᠦᠦ ᠶᠢᠨ ᠶᠠᠯᠠᠲᠤ ᠬᠡᠷᠡᠭ ᠤᠨ ᠪᠦᠲᠦᠴᠡ ᠳᠤ ᠴᠢᠬᠤᠯᠠ ᠶᠡᠭᠡ ᠬᠤᠪᠢᠷᠠᠯᠲᠠ ᠭᠠᠷᠴᠤ᠂ ᠬᠦᠨᠳᠦ ᠶᠠᠯᠠᠲᠤ ᠬᠡᠷᠡᠭ ᠤᠨ ᠬᠠᠷᠢᠴᠠᠯ ᠪᠠᠭᠤᠷᠠᠵᠤ᠂ ᠬᠥᠩᠭᠡᠪᠲᠦᠷ ᠶᠠᠯᠠᠲᠤ ᠬᠡᠷᠡᠭ ᠤᠨ ᠬᠠᠷᠢᠴᠠᠯ᠂ ᠬᠥᠩᠭᠡᠪᠲᠦᠷ ᠡᠷᠡᠭᠦᠦ ᠶᠢᠨ ᠨᠤᠷᠮ᠎ᠠ ᠢᠯᠡᠳᠲᠡ ᠳᠡᠭᠡᠭᠰᠢᠯᠡᠪᠡ᠃ ᠬᠦᠨᠳᠦ ᠶᠠᠯᠠᠲᠤ ᠬᠡᠷᠡᠭ ᠲᠠᠢ ᠬᠠᠷᠢᠴᠠᠭᠤᠯᠪᠠᠯ᠂ ᠣᠯᠠᠩᠬᠢ ᠬᠥᠩᠭᠡᠪᠲᠦᠷ ᠶᠠᠯᠠᠲᠤ ᠬᠡᠷᠡᠭ ᠤᠨ ᠨᠡᠶᠢᠭᠡᠮ ᠤᠨ ᠬᠤᠣᠷ ᠬᠥᠨᠥᠭᠡᠯ ᠨᠢ ᠨᠡᠯᠢᠶᠡᠳ ᠪᠠᠭ᠎ᠠ᠂ ᠶᠠᠯ᠎ᠠ ᠨᠢ ᠨᠡᠩ ᠬᠥᠩᠭᠡᠨ᠂ ᠬᠥᠩᠭᠡᠪᠲᠦᠷ ᠶᠠᠯᠠᠲᠤ ᠠᠵᠢᠯᠯᠠᠭ᠎ᠠ ᠲᠠᠢ ᠬᠥᠮᠥᠰ ᠤᠨ ᠶᠠᠯ᠎ᠠ ᠪᠠᠨ ᠮᠡᠳᠡᠷᠡᠵᠦ ᠭᠡᠮᠰᠢᠨ ᠵᠠᠰᠠᠷᠠᠬᠤ ᠪᠣᠯᠣᠯᠴᠠᠭ᠎ᠠ ᠨᠢ ᠨᠡᠯᠢᠶᠡᠳ ᠶᠡᠭᠡ ᠪᠠᠶᠢᠵᠤ᠂ ᠨᠡᠶᠢᠭᠡᠮ ᠲᠠᠢ ᠲᠠᠬᠢᠨ ᠠᠭᠤᠰᠤᠯᠴᠠᠬᠤ ᠨᠢ ᠨᠡᠯᠢᠶᠡᠳ ᠲᠦᠷᠭᠡᠨ᠂ ᠨᠡᠶᠢᠭᠡᠮ ᠤᠨ ᠬᠠᠷᠢᠴᠠᠭ᠎ᠠ ᠨᠢ ᠨᠡᠯᠢᠶᠡᠳ ᠰᠠᠶᠢᠨ ᠰᠡᠷᠭᠦᠬᠦ ᠪᠣᠯᠣᠨ᠎ᠠ᠃                 ᠶᠠᠯᠠᠲᠤ ᠠᠵᠢᠯᠯᠠᠭ᠎ᠠ ᠶᠢᠨ ᠲᠡᠮᠳᠡᠭᠯᠡᠯ ᠢ ᠪᠢᠲᠡᠭᠦᠮᠵᠢᠯᠡᠨ ᠬᠠᠳᠠᠭᠠᠯᠠᠬᠤ ᠳᠦᠷᠢᠮ ᠨᠢ ᠬᠥᠩᠭᠡᠨ ᠶᠠᠯ᠎ᠠ ᠪᠠ ᠬᠦᠨᠳᠦ ᠶᠠᠯ᠎ᠠ ᠶᠢ ᠢᠯᠭᠠᠵᠤ᠂ ᠵᠥᠪᠬᠡᠨ ᠬᠥᠩᠭᠡᠪᠲᠦᠷ ᠶᠠᠯᠠᠲᠤ ᠠᠵᠢᠯᠯᠠᠭ᠎ᠠ ᠭᠡᠬᠦ ᠡᠨᠡ ᠬᠦ ᠣᠨᠴᠠᠭᠠᠢ ᠪᠠᠶᠢᠳᠠᠯ ᠳᠤ ᠬᠡᠷᠡᠭᠯᠡᠨ᠎ᠡ᠂ ᠤᠯᠤᠰ ᠤᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠤᠭᠰᠠᠨ ᠶᠠᠯ᠎ᠠ᠂ ᠬᠠᠷ᠎ᠠ ᠪᠦᠯᠦᠭᠲᠡᠨ ᠤ ᠴᠢᠨᠠᠷᠲᠠᠢ ᠵᠣᠬᠢᠶᠠᠨ ᠪᠠᠶᠢᠭᠤᠯᠤᠯᠲᠠ ᠶᠢᠨ ᠶᠠᠯᠠᠲᠤ ᠠᠵᠢᠯᠯᠠᠭ᠎ᠠ᠂ ᠬᠦᠨᠳᠦ ᠨᠣᠴᠢᠲᠠᠢ ᠬᠦᠴᠦᠷᠬᠡᠭᠯᠡᠯ ᠤᠨ ᠶᠠᠯᠠᠲᠤ ᠠᠵᠢᠯᠯᠠᠭ᠎ᠠ ᠵᠢᠴᠢ ᠠᠷᠠᠳ ᠤᠯᠠᠨ ᠤ ᠠᠮᠤᠷ ᠲᠦᠪᠰᠢᠨ ᠤ ᠲᠥᠷᠥᠭᠳᠡᠯ ᠢ ᠬᠦᠨᠳᠦ ᠨᠣᠴᠢᠲᠠᠢ ᠨᠥᠯᠥᠭᠡᠯᠡᠭᠰᠡᠨ ᠣᠯᠠᠨᠲᠠ ᠡᠭᠦᠰᠬᠦ ᠴᠢᠨᠠᠷᠲᠠᠢ ᠶᠠᠯᠠᠲᠤ ᠠᠵᠢᠯᠯᠠᠭ᠎ᠠ ᠳᠤ ᠬᠡᠷᠡᠭᠯᠡᠬᠦ ᠦᠭᠡᠢ᠃ ᠡᠨᠡ ᠨᠢ ᠮᠠᠨ ᠤ ᠤᠯᠤᠰ ᠤᠨ ᠠᠭᠤᠴᠢᠯᠠᠬᠤ ᠶᠠᠯᠠᠯᠠᠬᠤ ᠶᠢ ᠬᠤᠣᠰᠯᠠᠭᠤᠯᠬᠤ ᠡᠷᠡᠭᠦᠦ ᠶᠢᠨ ᠬᠡᠷᠡᠭ ᠤᠨ ᠲᠦᠷᠦ ᠶᠢᠨ ᠪᠣᠳᠣᠯᠭ᠎ᠠ ᠲᠠᠢ ᠨᠡᠶᠢᠴᠡᠵᠦ᠂ ᠠᠭᠤᠴᠢᠯᠠᠬᠤ ᠶᠣᠰᠣᠲᠠᠢ ᠶᠢ ᠨᠢ ᠠᠭᠤᠴᠢᠯᠠᠵᠤ᠂ ᠶᠠᠯᠠᠯᠠᠬᠤ ᠶᠣᠰᠣᠲᠠᠢ ᠶᠢ ᠨᠢ ᠶᠠᠯᠠᠯᠠᠵᠤ᠂ ᠠᠭᠤᠴᠢᠯᠠᠬᠤ ᠶᠠᠯᠠᠯᠠᠬᠤ ᠶᠢ ᠬᠤᠣᠰᠯᠠᠭᠤᠯᠵᠤ᠂ ᠶᠠᠯ᠎ᠠ ᠳᠤᠨᠢ ᠲᠣᠬᠢᠷᠠᠭᠤᠯᠤᠨ ᠰᠢᠳᠭᠡᠬᠦ ᠱᠠᠭᠠᠷᠳᠠᠯᠭ᠎ᠠ ᠶᠢ ᠢᠯᠡᠷᠡᠭᠦᠯᠦᠭᠰᠡᠨ ᠪᠠᠶᠢᠨ᠎ᠠ᠃                 ᠬᠤᠶᠠᠳᠤᠭᠠᠷ ᠲᠤ᠂ ᠡᠨᠡ ᠬᠦ ᠳᠦᠷᠢᠮ ᠨᠢ ᠶᠠᠯᠠᠲᠤ ᠠᠵᠢᠯᠯᠠᠭ᠎ᠠ ᠶᠢᠨ ᠳᠠᠭᠠᠯᠲᠠ ᠦᠷ᠎ᠡ ᠤᠷᠰᠢᠭ ᠤᠨ ᠳᠦᠷᠢᠮ ᠲᠣᠭᠲᠠᠴᠠ ᠶᠢ ᠲᠡᠭᠦᠯᠳᠡᠷᠵᠢᠭᠦᠯᠵᠦ᠂ ᠶᠠᠯᠠᠲᠤ ᠠᠵᠢᠯᠯᠠᠭ᠎ᠠ ᠶᠢ ᠵᠠᠯᠬᠠᠭᠠᠨ ᠰᠢᠳᠭᠡᠬᠦ᠂ ᠶᠠᠯ᠎ᠠ ᠬᠢᠬᠦ ᠶᠢ ᠤᠷᠢᠳᠴᠢᠯᠠᠨ ᠰᠡᠷᠭᠡᠶᠢᠯᠡᠬᠦ ᠪᠠ ᠪᠠᠭᠠᠰᠬᠠᠬᠤ ᠵᠣᠷᠢᠯᠭ᠎ᠠ ᠶᠢ ᠪᠡᠶᠡᠯᠡᠭᠦᠯᠬᠦ ᠳᠤ ᠠᠰᠢᠭᠲᠠᠢ ᠶᠤᠮ᠃ ᠬᠥᠩᠭᠡᠪᠲᠦᠷ ᠶᠠᠯᠠᠲᠤ ᠠᠵᠢᠯᠯᠠᠭ᠎ᠠ ᠶᠢᠨ ᠲᠡᠮᠳᠡᠭᠯᠡᠯ ᠢ ᠪᠢᠲᠡᠭᠦᠮᠵᠢᠯᠡᠨ ᠬᠠᠳᠠᠭᠠᠯᠠᠬᠤ ᠳᠦᠷᠢᠮ ᠨᠢ ᠶᠠᠯᠠᠲᠤ ᠠᠵᠢᠯᠯᠠᠭ᠎ᠠ ᠶᠢᠨ ᠳᠠᠭᠠᠯᠲᠠ ᠦᠷ᠎ᠡ ᠤᠷᠰᠢᠭ ᠤᠨ ᠳᠦᠷᠢᠮ ᠤᠨ ᠠᠢ ᠳᠤ ᠲᠣᠭᠠᠴᠢᠭᠳᠠᠨ᠎ᠠ᠃ ᠮᠠᠨ ᠤ ᠤᠯᠤᠰ ᠲᠤ᠂ ᠶᠠᠯᠠᠲᠤ ᠠᠵᠢᠯᠯᠠᠭ᠎ᠠ ᠶᠢᠨ ᠳᠠᠭᠠᠯᠲᠠ ᠦᠷ᠎ᠡ ᠤᠷᠰᠢᠭ ᠭᠡᠳᠡᠭ ᠨᠢ ᠶᠠᠯ᠎ᠠ ᠬᠢᠭᠰᠡᠨ ᠬᠥᠮᠥᠨ ᠵᠢᠴᠢ ᠲᠡᠭᠦᠨ ᠤ ᠲᠦᠷᠦᠯ ᠰᠠᠳᠤᠨ᠂ ᠣᠨᠴᠠ ᠲᠣᠭᠲᠠᠭᠰᠠᠨ ᠬᠠᠷᠢᠴᠠᠭ᠎ᠠ ᠲᠠᠢ ᠬᠥᠮᠥᠨ ᠤ ᠶᠠᠯᠠᠲᠤ ᠠᠵᠢᠯᠯᠠᠭ᠎ᠠ ᠪᠤᠶᠤ ᠡᠷᠡᠭᠦᠦ ᠶᠢᠨ ᠰᠢᠳᠬᠡᠯ ᠤᠨ ᠲᠡᠮᠳᠡᠭᠯᠡᠯ ᠠᠴᠠ ᠪᠣᠯᠤᠭᠰᠠᠨ ᠡᠷᠬᠡ ᠪᠤᠶᠤ ᠬᠢᠷᠢ ᠬᠡᠮ ᠤᠨ ᠬᠢᠵᠠᠭᠠᠷᠯᠠᠯ᠂ ᠴᠠᠭᠠᠵᠠᠯᠠᠯ ᠪᠤᠶᠤ ᠬᠠᠰᠤᠯᠲᠠ ᠵᠡᠷᠭᠡ ᠦᠷ᠎ᠡ ᠤᠷᠰᠢᠭ ᠢ ᠵᠢᠭᠠᠵᠤ ᠪᠠᠶᠢᠨ᠎ᠠ᠃                 ᠬᠥᠩᠭᠡᠪᠲᠦᠷ ᠶᠠᠯᠠᠲᠤ ᠠᠵᠢᠯᠯᠠᠭ᠎ᠠ ᠨᠢ ᠴᠤ ᠶᠠᠯ᠎ᠠ ᠮᠥᠨ᠂ ᠲᠡᠷᠡ ᠨᠢ ᠨᠡᠶᠢᠭᠡᠮ ᠤᠨ ᠬᠤᠣᠷ ᠬᠥᠨᠥᠭᠡᠯᠳᠦ ᠴᠢᠨᠠᠷ ᠲᠠᠢ ᠪᠣᠯᠬᠤᠷ ᠬᠠᠤᠯᠢ ᠶᠣᠰᠣᠭᠠᠷ ᠵᠠᠯᠬᠠᠭᠠᠨ ᠰᠢᠳᠭᠡᠬᠦ ᠬᠡᠷᠡᠭᠲᠡᠢ᠃ ᠬᠥᠩᠭᠡᠪᠲᠦᠷ ᠶᠠᠯᠠᠲᠤ ᠠᠵᠢᠯᠯᠠᠭ᠎ᠠ ᠶᠢᠨ ᠲᠡᠮᠳᠡᠭᠯᠡᠯ ᠢ ᠪᠢᠲᠡᠭᠦᠮᠵᠢᠯᠡᠨ ᠬᠠᠳᠠᠭᠠᠯᠠᠬᠤ ᠭᠡᠳᠡᠭ ᠨᠢ ᠳᠠᠷᠤᠢ ᠬᠥᠩᠭᠡᠪᠲᠦᠷ ᠶᠠᠯᠠᠲᠤ ᠠᠵᠢᠯᠯᠠᠭ᠎ᠠ ᠶᠢ ᠵᠠᠯᠬᠠᠭᠠᠨ ᠰᠢᠳᠭᠡᠭᠰᠡᠨ ᠤᠷᠢᠲᠠᠯ ᠳᠣᠣᠷ᠎ᠠ᠂ ᠬᠥᠩᠭᠡᠪᠲᠦᠷ ᠶᠠᠯᠠᠲᠤ ᠠᠵᠢᠯᠯᠠᠭ᠎ᠠ ᠶᠢᠨ ᠲᠡᠮᠳᠡᠭᠯᠡᠯ ᠢ ᠬᠠᠤᠯᠢ ᠶᠣᠰᠣᠭᠠᠷ ᠪᠢᠲᠡᠭᠦᠮᠵᠢᠯᠡᠨ ᠰᠢᠢᠳᠪᠦᠷᠢᠯᠡᠬᠦ ᠶᠠᠪᠤᠳᠠᠯ ᠪᠣᠯᠣᠨ᠎ᠠ᠃ ᠶᠠᠯᠠᠲᠤ ᠠᠵᠢᠯᠯᠠᠭ᠎ᠠ ᠶᠢᠨ ᠲᠡᠮᠳᠡᠭᠯᠡᠯ ᠨᠢ ᠪᠢᠲᠡᠭᠦᠮᠵᠢᠯᠡᠨ ᠬᠠᠳᠠᠭᠠᠯᠠᠭᠳᠠᠭᠰᠠᠨ ᠪᠠᠶᠢᠪᠠᠯ᠂ ᠶᠠᠮᠠᠷᠪᠠ ᠨᠢᠭᠡᠴᠡ ᠪᠠ ᠬᠤᠪᠢ ᠬᠥᠮᠥᠨ ᠳᠤ ᠬᠠᠩᠭᠠᠵᠤ ᠪᠣᠯᠬᠤ ᠦᠭᠡᠢ᠂ ᠭᠡᠪᠡᠴᠦ ᠬᠠᠤᠯᠢ ᠴᠠᠭᠠᠵᠠ ᠶᠢᠨ ᠪᠠᠶᠢᠭᠤᠯᠭ᠎ᠠ ᠬᠡᠷᠡᠭ ᠰᠢᠢᠳᠪᠦᠷᠢᠯᠡᠬᠦ ᠬᠡᠷᠡᠭᠴᠡᠭᠡ ᠠᠴᠠ ᠪᠤᠶᠤ ᠬᠤᠯᠪᠣᠭᠳᠠᠯ ᠪᠦᠬᠦᠢ ᠨᠢᠭᠡᠴᠡ ᠤᠯᠤᠰ ᠤᠨ ᠲᠣᠭᠲᠠᠭᠠᠯ ᠢ ᠦᠨᠳᠦᠰᠦᠯᠡᠨ ᠪᠠᠶᠢᠴᠠᠭᠠᠨ ᠯᠠᠪᠯᠠᠬᠤ ᠶᠠᠪᠤᠳᠠᠯ ᠡᠭᠦᠨ ᠳᠤ ᠪᠠᠭᠲᠠᠬᠤ ᠦᠭᠡᠢ᠃ ᠬᠠᠤᠯᠢ ᠶᠣᠰᠣᠭᠠᠷ ᠪᠠᠶᠢᠴᠠᠭᠠᠨ ᠯᠠᠪᠯᠠᠬᠤ ᠨᠢᠭᠡᠴᠡ᠂ ᠪᠢᠲᠡᠭᠦᠮᠵᠢᠯᠡᠨ ᠬᠠᠳᠠᠭᠠᠯᠠᠭᠰᠠᠨ ᠶᠠᠯᠠᠲᠤ ᠠᠵᠢᠯᠯᠠᠭ᠎ᠠ ᠶᠢᠨ ᠲᠡᠮᠳᠡᠭᠯᠡᠯ ᠤᠨ ᠪᠠᠶᠢᠳᠠᠯ ᠤᠨ ᠨᠢᠭᠤᠴᠠ ᠶᠢ ᠬᠠᠮᠠᠭᠠᠯᠠᠬᠤ ᠬᠡᠷᠡᠭᠲᠡᠢ᠃ ᠡᠨᠡ ᠬᠦ ᠳᠦᠷᠢᠮ ᠢ ᠪᠠᠶᠢᠭᠤᠯᠤᠭᠰᠠᠨ ᠨᠢ ᠬᠥᠩᠭᠡᠪᠲᠦᠷ ᠶᠠᠯᠠᠲᠤ ᠠᠵᠢᠯᠯᠠᠭ᠎ᠠ ᠶᠢ ᠵᠠᠯᠬᠠᠭᠠᠨ ᠰᠢᠳᠭᠡᠬᠦ ᠳᠤ ᠠᠰᠢᠭᠲᠠᠢ ᠮᠥᠷᠲᠡᠭᠡᠨ ᠶᠠᠯᠠᠲᠤ ᠠᠵᠢᠯᠯᠠᠭ᠎ᠠ ᠶᠢᠨ ᠲᠡᠮᠳᠡᠭᠯᠡᠯ ᠨᠢ ᠬᠥᠩᠭᠡᠪᠲᠦᠷ ᠶᠠᠯᠠᠲᠤ ᠠᠵᠢᠯᠯᠠᠭ᠎ᠠ ᠲᠠᠢ ᠬᠥᠮᠥᠨ ᠳᠤ ᠬᠠᠤᠯᠢ ᠴᠠᠭᠠᠵᠠ ᠶᠢᠨ ᠲᠣᠭᠲᠠᠭᠠᠯ ᠠᠴᠠ ᠭᠠᠳᠠᠨᠠᠬᠢ ᠦᠷ᠎ᠡ ᠤᠷᠰᠢᠭ ᠠᠪᠴᠢᠷᠠᠬᠤ ᠠᠴᠠ ᠵᠠᠶᠢᠯᠠᠰᠬᠢᠵᠦ᠂ ᠲᠡᠭᠦᠨ ᠤ ᠬᠠᠤᠯᠢ ᠶᠣᠰᠣᠭᠠᠷ ᠡᠷᠬᠡ ᠪᠠᠨ ᠡᠳ᠋ᠯᠡᠵᠦ᠂ ᠡᠭᠦᠷᠭᠡ ᠪᠠᠨ ᠭᠦᠢᠴᠡᠳᠬᠡᠬᠦ ᠶᠢ ᠪᠠᠲᠤᠯᠠᠵᠤ᠂ ᠶᠠᠯᠠᠲᠤ ᠠᠵᠢᠯᠯᠠᠭ᠎ᠠ ᠶᠢ ᠤᠷᠢᠳᠴᠢᠯᠠᠨ ᠰᠡᠷᠭᠡᠶᠢᠯᠡᠬᠦ ᠪᠠ ᠪᠠᠭᠠᠰᠬᠠᠬᠤ ᠵᠣᠷᠢᠯᠭ᠎ᠠ ᠳᠤ ᠬᠦᠷᠴᠦ ᠴᠢᠳᠠᠨ᠎ᠠ᠃                ᠭᠤᠷᠪᠠᠳᠤᠭᠠᠷ ᠲᠤ᠂ ᠡᠨᠡ ᠬᠦ ᠳᠦᠷᠢᠮ ᠨᠢ ᠬᠥᠩᠭᠡᠪᠲᠦᠷ ᠶᠠᠯᠠᠲᠤ ᠠᠵᠢᠯᠯᠠᠭ᠎ᠠ ᠶᠢᠨ ᠲᠡᠮᠳᠡᠭᠯᠡᠯ ᠤᠨ ᠲᠦᠷᠦᠯ ᠰᠠᠳᠤᠨ ᠳᠤᠨᠢ ᠦᠵᠡᠭᠦᠯᠬᠦ ᠵᠣᠬᠢᠰ ᠦᠭᠡᠢ ᠨᠥᠯᠥᠭᠡ ᠶᠢ ᠰᠡᠷᠭᠡᠶᠢᠯᠡᠨ ᠬᠤᠷᠢᠭᠯᠠᠵᠤ᠂ ᠨᠡᠶᠢᠭᠡᠮ ᠤᠨ ᠵᠠᠰᠠᠯᠲᠠ ᠶᠢᠨ ᠰᠢᠨ᠎ᠡ ᠶᠢ ᠡᠭᠦᠳᠬᠦ ᠶᠢ ᠠᠬᠢᠭᠤᠯᠬᠤ ᠳᠤ ᠠᠰᠢᠭᠲᠠᠢ ᠶᠤᠮ᠃ ᠮᠠᠨ ᠤ ᠤᠯᠤᠰ ᠤᠨ ᠡᠷᠲᠡᠨ ᠤ ᠦᠶ᠎ᠡ ᠳᠤ ︽ᠬᠤᠯᠪᠣᠭᠳᠠᠭᠤᠯᠤᠨ ᠶᠠᠯᠠᠯᠠᠵᠤ︾᠂ ︽ᠴᠢᠷᠦᠭᠳᠡᠭᠦᠯᠵᠦ︾ ᠪᠠᠶᠢᠵᠠᠢ᠃ ᠤᠳᠤ ᠦᠶ᠎ᠡ ᠶᠢᠨ ᠬᠠᠤᠯᠢ ᠪᠠᠷ ᠵᠠᠰᠠᠬᠤ ᠶᠢᠨ ᠨᠢᠭᠡᠨ ᠦᠨᠳᠦᠰᠦᠨ ᠵᠠᠷᠴᠢᠮ ᠪᠣᠯ ᠬᠠᠤᠯᠢ ᠶᠢ ᠵᠥᠷᠢᠴᠡᠵᠦ ᠶᠠᠯ᠎ᠠ ᠬᠢᠭᠰᠡᠨ ᠶᠠᠮᠠᠷᠪᠠ ᠦᠢᠯᠡ ᠠᠵᠢᠯᠯᠠᠭ᠎ᠠ ᠶᠢᠨ ᠬᠠᠤᠯᠢ ᠶᠢᠨ ᠬᠠᠷᠢᠭᠤᠴᠠᠯᠭ᠎ᠠ ᠶᠢ ᠴᠥᠮ ᠬᠠᠤᠯᠢ ᠶᠢ ᠵᠥᠷᠢᠴᠡᠵᠦ ᠶᠠᠯ᠎ᠠ ᠬᠢᠭᠰᠡᠨ ᠦᠢᠯᠡ ᠠᠵᠢᠯᠯᠠᠭᠠᠳᠠᠨ ᠲᠤᠰ ᠬᠥᠮᠥᠨ ᠨᠢ ᠡᠭᠦᠷᠭᠡᠯᠡᠬᠦ ᠬᠡᠷᠡᠭᠲᠡᠢ᠂ ᠬᠠᠷᠢᠨ ᠪᠤᠰᠤᠳ ᠢ ᠴᠢᠷᠦᠭᠳᠡᠭᠦᠯᠬᠦ ᠪᠤᠶᠤ ᠪᠤᠰᠤᠳ ᠬᠥᠮᠥᠨ ᠳᠤ ᠬᠠᠯᠳᠠᠭᠠᠵᠤ ᠪᠣᠯᠬᠤ ᠦᠭᠡᠢ᠃                ᠦᠢᠯᠡᠳᠦᠯᠭᠡ ᠶᠢᠨ ᠳᠤᠮᠳᠠ᠂ ᠵᠠᠷᠢᠮ ᠭᠠᠵᠠᠷ ᠣᠷᠣᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠨᠡᠶᠢᠲᠡᠯᠡᠵᠦ᠂ ᠶᠠᠯᠠᠲᠤ ᠬᠡᠷᠡᠭ ᠲᠤ ᠬᠤᠯᠪᠣᠭᠳᠠᠭᠰᠠᠨ ᠬᠥᠮᠥᠨ ᠤ ᠬᠠᠨᠢ ᠨᠥᠬᠦᠷ᠂ ᠦᠷ᠎ᠡ ᠬᠡᠦᠬᠡᠳ ᠪᠠ ᠡᠴᠢᠭᠡ ᠡᠬᠡ ᠵᠢᠴᠢ ᠪᠤᠰᠤᠳ ᠣᠶᠢᠷ᠎ᠠ ᠲᠦᠷᠤᠯ ᠰᠠᠳᠤᠨ ᠤ ᠬᠢᠨᠢ ᠰᠤᠷᠭᠠᠨ ᠬᠥᠮᠦᠵᠢᠯ ᠬᠥᠷᠳᠡᠬᠦ᠂ ᠠᠵᠢᠯ ᠣᠯᠬᠤ᠂ ᠨᠡᠶᠢᠭᠡᠮ ᠤᠨ ᠪᠠᠲᠤᠯᠠᠭ᠎ᠠ ᠵᠡᠷᠭᠡ ᠲᠠᠯ᠎ᠠ ᠪᠠᠷ ᠬᠢ ᠡᠷᠬᠡ ᠶᠢ ᠬᠢᠵᠠᠭᠠᠷᠯᠠᠵᠤ ᠪᠠᠶᠢᠬᠤ ᠨᠢ ᠶᠠᠯ᠎ᠠ ᠶᠢᠨ ᠬᠠᠷᠢᠭᠤᠴᠠᠯᠭ᠎ᠠ ᠶᠢ ᠥᠪᠡᠰᠦᠪᠡᠨ ᠬᠠᠷᠢᠭᠤᠴᠠᠬᠤ ᠵᠠᠷᠴᠢᠮ ᠠᠴᠠ ᠵᠥᠷᠢᠴᠡᠵᠦ᠂ ᠦᠨᠳᠦᠰᠦᠨ ᠬᠠᠤᠯᠢ ᠳᠠᠬᠢ ᠠᠷᠠᠳ ᠢᠷᠭᠡᠨ ᠤ ᠦᠨᠳᠦᠰᠦᠨ ᠡᠷᠬᠡ ᠪᠠ ᠡᠭᠦᠷᠭᠡ ᠶᠢᠨ ᠲᠤᠬᠠᠢ ᠲᠣᠭᠲᠠᠭᠠᠯ ᠤᠨ ᠵᠠᠷᠴᠢᠮ ᠪᠠ ᠵᠣᠷᠢᠭ ᠰᠠᠨᠠᠭ᠎ᠠ ᠲᠠᠢ ᠨᠡᠶᠢᠴᠡᠬᠦ ᠦᠭᠡᠢ ᠪᠠᠶᠢᠨ᠎ᠠ᠃ ᠮᠠᠨ ᠤ ᠤᠯᠤᠰ ᠤᠨ ᠤᠳᠤ ᠶᠢᠨ ᠬᠡᠷᠡᠭᠵᠢᠭᠦᠯᠵᠦ ᠪᠠᠶᠢᠭ᠎ᠠ ᠬᠠᠤᠯᠢ ᠴᠠᠭᠠᠵᠠ ᠬᠠᠤᠯᠢ ᠲᠣᠭᠲᠠᠭᠠᠯ ᠳᠤ ᠨᠠᠰᠤᠨ ᠳᠤ ᠦᠯᠦ ᠬᠦᠷᠦᠭᠰᠡᠳ ᠤᠨ ᠶᠠᠯᠠᠲᠤ ᠠᠵᠢᠯᠯᠠᠭ᠎ᠠ ᠶᠢᠨ ᠲᠡᠮᠳᠡᠭᠯᠡᠯ ᠢ ᠪᠢᠲᠡᠭᠦᠮᠵᠢᠯᠡᠨ ᠬᠠᠳᠠᠭᠠᠯᠠᠬᠤ ᠳᠦᠷᠢᠮ ᠤᠨ ᠲᠤᠬᠠᠢ ᠨᠢᠭᠡᠨᠲᠡ ᠲᠣᠭᠲᠠᠭᠠᠯ ᠭᠠᠷᠭᠠᠵᠠᠢ᠃ ᠡᠷᠡᠭᠦᠦ ᠶᠢᠨ ᠵᠠᠷᠭᠤ ᠶᠢᠨ ᠬᠠᠤᠯᠢ ᠳᠤ᠂ ᠶᠠᠯ᠎ᠠ ᠬᠢᠬᠦ ᠦᠶ᠎ᠡ ᠳᠤ ᠪᠦᠬᠦᠯᠢ 18 ᠨᠠᠰᠤ ᠬᠦᠷᠦᠭᠡᠳᠦᠢ ᠪᠠᠶᠢᠵᠤ᠂ ᠲᠠᠪᠤᠨ ᠵᠢᠯ ᠬᠤᠭᠤᠴᠠᠭ᠎ᠠ ᠲᠠᠢ ᠬᠤᠷᠢᠬᠤ ᠡᠷᠡᠭᠦᠦ ᠠᠴᠠ ᠳᠣᠭᠤᠭᠰᠢ ᠡᠷᠡᠭᠦᠦ ᠰᠢᠳᠬᠡᠯ ᠢᠶᠠᠷ ᠰᠢᠳᠭᠡᠭᠳᠡᠭᠰᠡᠨ ᠪᠠᠶᠢᠪᠠᠯ᠂ ᠬᠤᠯᠪᠣᠭᠳᠠᠯ ᠪᠦᠬᠦᠢ ᠶᠠᠯᠠᠲᠤ ᠠᠵᠢᠯᠯᠠᠭ᠎ᠠ ᠶᠢᠨ ᠲᠡᠮᠳᠡᠭᠯᠡᠯ ᠢ ᠪᠢᠲᠡᠭᠦᠮᠵᠢᠯᠡᠨ ᠬᠠᠳᠠᠭᠠᠯᠠᠬᠤ ᠬᠡᠷᠡᠭᠲᠡᠢ ᠭᠡᠵᠦ ᠲᠣᠭᠲᠠᠭᠠᠪᠠ᠃                 2022 ᠣᠨ ᠤ 5 ᠰᠠᠷ᠎ᠠ ᠳᠤ᠂ ᠠᠷᠠᠳ ᠤᠨ ᠳᠡᠭᠡᠳᠦ ᠰᠢᠭᠦᠬᠦ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠶᠠᠮᠤᠨ᠂ ᠬᠠᠤᠯᠢ ᠴᠠᠭᠠᠵᠠ ᠶᠢᠨ ᠶᠠᠮᠤᠨ ᠬᠠᠮᠲᠤᠷᠠᠨ ︽ᠨᠠᠰᠤᠨ ᠳᠤ ᠥᠯᠥ ᠭᠦᠷᠦᠭᠰᠡᠳ ᠤᠨ ᠶᠠᠯᠠᠲᠤ ᠠᠵᠢᠯᠯᠠᠭ᠎ᠠ ᠶᠢᠨ ᠲᠡᠮᠳᠡᠭᠯᠡᠯ ᠢ ᠪᠢᠲᠡᠭᠦᠮᠵᠢᠯᠡᠨ ᠬᠠᠳᠠᠭᠠᠯᠠᠬᠤ ᠲᠤᠬᠠᠢ ᠬᠡᠷᠡᠭᠵᠢᠭᠦᠯᠬᠦ ᠠᠷᠭ᠎ᠠ︾ ᠶᠢ ᠨᠡᠶᠢᠲᠡᠯᠡᠵᠦ᠂ ᠪᠢᠲᠡᠭᠦᠮᠵᠢᠯᠡᠨ ᠬᠠᠳᠠᠭᠠᠯᠠᠬᠤ ᠪᠡᠶᠡᠴᠢ ᠴᠣᠭᠴᠠ ᠵᠢᠴᠢ ᠵᠢᠷᠤᠮ᠂ ᠪᠠᠶᠢᠴᠠᠭᠠᠨ ᠯᠠᠪᠯᠠᠬᠤ ᠪᠡᠶᠡᠴᠢ ᠴᠣᠭᠴᠠ ᠵᠢᠴᠢ ᠭᠤᠶᠤᠴᠢᠯᠠᠬᠤ ᠨᠥᠬᠦᠴᠡᠯ᠂ ᠪᠢᠲᠡᠭᠦᠮᠵᠢᠯᠡᠨ ᠬᠠᠳᠠᠭᠠᠯᠠᠬᠤ ᠶᠢ ᠬᠦᠴᠦᠨ ᠦᠭᠡᠢ ᠪᠣᠯᠭᠠᠬᠤ ᠨᠥᠬᠦᠴᠡᠯ ᠵᠢᠴᠢ ᠦᠷ᠎ᠡ ᠳ᠋ᠦᠩ᠂ ᠨᠢᠭᠤᠴᠠ ᠶᠢ ᠬᠠᠮᠠᠭᠠᠯᠠᠬᠤ ᠡᠭᠦᠷᠭᠡ ᠵᠢᠴᠢ ᠬᠤᠯᠪᠣᠭᠳᠠᠯ ᠪᠦᠬᠦᠢ ᠬᠠᠷᠢᠭᠤᠴᠠᠯᠭ᠎ᠠ ᠵᠡᠷᠭᠡ ᠳᠤ ᠪᠣᠳᠠᠲᠠᠢ ᠲᠣᠭᠲᠠᠭᠠᠯ ᠭᠠᠷᠭᠠᠪᠠ᠃                 ᠬᠥᠩᠭᠡᠪᠲᠦᠷ ᠶᠠᠯᠠᠲᠤ ᠠᠵᠢᠯᠯᠠᠭ᠎ᠠ ᠶᠢᠨ ᠲᠡᠮᠳᠡᠭᠯᠡᠯ ᠢ ᠪᠢᠲᠡᠭᠦᠮᠵᠢᠯᠡᠨ ᠬᠠᠳᠠᠭᠠᠯᠠᠬᠤ ᠳᠦᠷᠢᠮ ᠢ ᠪᠠᠶᠢᠭᠤᠯᠵᠤ᠂ ᠡᠨᠡ ᠬᠦ ᠳᠦᠷᠢᠮ ᠤᠨ ᠬᠡᠷᠡᠭᠯᠡᠭᠳᠡᠬᠦ ᠡᠲᠡᠭᠡᠳ ᠪᠠ ᠬᠡᠪᠴᠢᠶ᠎ᠡ ᠶᠢ ᠲᠣᠳᠣᠷᠬᠠᠶᠢᠯᠠᠵᠤ᠂ ᠲᠡᠭᠦᠨ ᠢ ᠨᠠᠰᠤᠨ ᠳᠤ ᠦᠯᠤ ᠬᠥᠷᠦᠭᠰᠡᠳ ᠤᠨ ᠬᠥᠩᠭᠡᠪᠲᠦᠷ ᠶᠠᠯᠠᠲᠤ ᠠᠵᠢᠯᠯᠠᠭ᠎ᠠ ᠳᠤ ᠬᠡᠷᠡᠭᠯᠡᠬᠦ ᠪᠠᠷ ᠪᠠᠷᠠᠬᠤ ᠦᠭᠡᠢ ᠪᠠᠰᠠ ᠨᠠᠰᠤᠨ ᠳᠤ ᠬᠥᠷᠦᠭᠰᠡᠳ ᠤᠨ ᠬᠥᠩᠭᠡᠪᠲᠦᠷ ᠶᠠᠯᠠᠲᠤ ᠠᠵᠢᠯᠯᠠᠭ᠎ᠠ ᠳᠤ ᠬᠡᠷᠡᠭᠯᠡᠵᠦ᠂ ᠡᠭᠦᠨ ᠤ ᠬᠠᠮᠲᠤ ᠬᠥᠩᠭᠡᠪᠲᠦᠷ ᠶᠠᠯᠠᠲᠤ ᠠᠵᠢᠯᠯᠠᠭ᠎ᠠ ᠶᠢᠨ ᠳᠠᠭᠠᠯᠳᠤᠭᠰᠠᠨ ᠦᠷ᠎ᠡ ᠳ᠋ᠦᠩ ᠢ ᠵᠢᠷᠤᠮᠵᠢᠭᠤᠯᠵᠤ᠂ ᠬᠥᠩᠭᠡᠪᠲᠦᠷ ᠶᠠᠯᠠᠲᠤ ᠠᠵᠢᠯᠯᠠᠭ᠎ᠠ ᠶᠢᠨ ᠲᠡᠮᠳᠡᠭᠯᠡᠯ ᠤᠨ ᠲᠡᠭᠦᠨ ᠤ ᠲᠦᠷᠤᠯ ᠰᠠᠳᠤᠨ ᠤ ᠰᠤᠷᠭᠠᠭᠤᠯᠢ ᠳᠤ ᠣᠷᠣᠬᠤ᠂ ᠠᠵᠢᠯ ᠣᠯᠬᠤ ᠵᠡᠷᠭᠡ ᠲᠠᠯ᠎ᠠ ᠪᠠᠷ ᠬᠢ ᠵᠣᠬᠢᠰ ᠦᠭᠡᠢ ᠨᠥᠯᠥᠭᠡ ᠶᠢ ᠰᠡᠷᠭᠡᠶᠢᠯᠡᠵᠦ᠂ ᠡᠰᠡᠷᠭᠦᠴᠡᠯᠳᠦᠯ ᠢ ᠪᠠᠭᠠᠰᠬᠠᠨ᠂ ᠡᠶ᠎ᠡ ᠵᠣᠬᠢᠴᠠᠯ ᠢ ᠠᠬᠢᠭᠤᠯᠬᠤ ᠳᠤ ᠠᠰᠢᠭᠲᠠᠢ ᠪᠣᠯᠭᠠᠪᠠ᠃                 ︽ᠲᠣᠭᠲᠠᠭᠠᠯ︾ ᠤᠨ ᠴᠢᠬᠤᠯᠠ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠥᠩᠭᠡᠪᠲᠦᠷ ᠶᠠᠯᠠᠲᠤ ᠠᠵᠢᠯᠯᠠᠭ᠎ᠠ ᠶᠢᠨ ᠲᠡᠮᠳᠡᠭᠯᠡᠯ ᠢ ᠪᠢᠲᠡᠭᠦᠮᠵᠢᠯᠡᠨ ᠬᠠᠳᠠᠭᠠᠯᠠᠬᠤ ᠳᠦᠷᠢᠮ ᠢ ᠪᠠᠶᠢᠭᠤᠯᠬᠤ ᠲᠠᠢ ᠤᠶᠠᠯᠳᠤᠭᠤᠯᠤᠨ᠂ ᠬᠠᠤᠯᠢ ᠲᠣᠭᠲᠠᠭᠠᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠥᠩᠭᠡᠪᠲᠦᠷ ᠶᠠᠯᠠᠲᠤ ᠠᠵᠢᠯᠯᠠᠭ᠎ᠠ ᠶᠢᠨ ᠲᠡᠮᠳᠡᠭᠯᠡᠯ ᠢ ᠪᠢᠲᠡᠭᠦᠮᠵᠢᠯᠡᠨ ᠬᠠᠮᠢᠶᠠᠷᠬᠤ ᠳᠦᠷᠢᠮ ᠢ ᠪᠦᠷᠢᠨᠰᠢᠭᠦᠯᠦᠨ᠂ ᠬᠥᠩᠭᠡᠪᠲᠦᠷ ᠶᠠᠯᠠᠲᠤ ᠠᠵᠢᠯᠯᠠᠭ᠎ᠠ ᠶᠢᠨ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠬᠦ ᠬᠡᠷᠡᠭᠲᠡᠢ᠃  
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ