ᠮᠡᠳᠡᠭᠡᠵᠢ᠂ ᠨᠠᠮᠤᠷ ᠤᠨ ᠤᠯᠠᠷᠢᠯ ᠪᠣᠯ ᠪᠡᠶ᠎ᠡ ᠮᠠᠬᠠᠪᠤᠳ ᠢᠶᠠᠨ ᠳᠠᠪᠲᠠᠨ ᠪᠣᠯᠪᠠᠰᠤᠷᠠᠭᠤᠯᠬᠤ ᠳᠤ ᠲᠣᠬᠢᠷᠠᠮᠵᠢᠲᠠᠢ ᠤᠯᠠᠷᠢᠯ ᠮᠥᠨ᠂ ᠨᠠᠮᠤᠷ ᠤᠨ ᠤᠯᠠᠷᠢᠯ ᠳᠤ | ᠪᠡᠶ᠎ᠡ ᠮᠠᠬᠠᠪᠤᠳ ᠢᠶᠠᠨ ᠳᠠᠪᠲᠠᠨ ᠪᠤᠯᠪᠠᠰᠤᠷᠠᠭᠤᠯᠬᠤ ᠨᠢ ᠪᠡᠶ᠎ᠡ ᠶᠢᠨ ᠡᠭᠡᠯᠢᠯᠡᠭᠡ ᠶᠢᠨ ᠴᠢᠳᠠᠪᠤᠷᠢ ᠶᠢ ᠨᠡᠮᠡᠭᠳᠡᠭᠦᠯᠵᠦ᠂ ᠭᠠᠳᠠᠭᠠᠳᠤ ᠣᠷᠴᠢᠨ ᠤ ᠬᠦᠢᠲᠡᠨ ᠢ ᠡᠰᠡᠷᠭᠦᠴᠡᠬᠦ | ᠰᠡᠳᠡᠯᠲᠡ ᠥᠭᠬᠦ ᠴᠢᠳᠠᠪᠤᠷᠢ ᠶᠢ ᠴᠢᠩᠭᠠᠷᠠᠭᠤᠯᠬᠤ ᠳᠤ ᠠᠰᠢᠭᠲᠠᠢ ᠶᠤᠮ᠃ | ᠨᠠᠮᠤᠷ ᠤᠨ ᠤᠯᠠᠷᠢᠯ ᠳᠤ ᠥᠷᠯᠥᠭᠡ ᠦᠳᠡᠰᠢ ᠶᠢᠨ ᠳᠤᠯᠠᠭᠠᠨ ᠤ ᠵᠥᠷᠢᠶ᠎ᠡ ᠶᠡᠭᠡ ᠪᠤᠯᠪᠠᠴᠦ ᠡᠳᠦᠷ ᠤᠨ ᠳᠤᠯᠠᠭᠠᠨ ᠤ ᠬᠡᠮᠵᠢᠶ᠎ᠡ ᠲᠣᠬᠢᠷᠠᠮᠵᠢᠲᠠᠢ | ᠦᠶ᠎ᠡ ᠳᠤ ᠬᠥᠳᠡᠯᠭᠡᠭᠡᠨ ᠬᠢᠬᠦ ᠨᠢ ᠬᠠᠮᠤᠭ ᠤᠨ ᠲᠠᠭᠠᠯᠠᠮᠵᠢᠲᠠᠢ ᠪᠠᠶᠢᠳᠠᠭ᠃ ᠨᠠᠮᠤᠷ ᠤᠨ ᠤᠯᠠᠷᠢᠯ ᠳᠤ ᠪᠡᠶ᠎ᠡ ᠴᠢᠭᠢᠷᠠᠭᠵᠢᠭᠤᠯᠬᠤ ᠨᠢ ᠴᠢᠰᠤᠨ ᠰᠤᠳᠠᠯ ᠢ | ᠵᠥᠭᠡᠯᠡᠷᠡᠭᠦᠯᠵᠦ᠂ ᠪᠡᠶ᠎ᠡ ᠶᠢᠨ ᠰᠢᠨ᠎ᠡ ᠬᠠᠭᠤᠴᠢᠨ ᠤ ᠰᠣᠯᠢᠯᠴᠠᠭ᠎ᠠ ᠶᠢ ᠠᠬᠢᠭᠤᠯᠤᠨ᠂ ᠰᠡᠳᠬᠢᠯ ᠰᠠᠨᠠᠭ᠎ᠠ ᠶᠢ ᠪᠠᠶᠠᠰᠬᠠᠵᠤ᠂ ᠲᠠᠭᠰᠢᠭᠤᠷ ᠬᠢᠮᠤᠷᠠᠭ᠎ᠠ ᠶᠢ ᠰᠡᠷᠭᠡᠶᠢᠯᠡᠵᠦ | ᠴᠢᠳᠠᠳᠠᠭ᠃ ᠲᠡᠭᠡᠪᠡᠯ ᠨᠠᠮᠤᠷ ᠤᠨ ᠤᠯᠠᠷᠢᠯ ᠳᠤ ᠶᠠᠮᠠᠷ ᠬᠥᠳᠡᠯᠭᠡᠭᠡᠨ ᠢ ᠰᠣᠩᠭᠤᠪᠠᠯ ᠲᠣᠬᠢᠷᠠᠮᠵᠢᠲᠠᠢ ᠪᠢᠯᠡ︖ | ᠡᠭᠦᠨ ᠳᠤ ᠤᠯᠠᠨ ᠵᠦᠢᠯ ᠤᠨ ᠰᠣᠩᠭᠤᠯᠲᠠ ᠪᠤᠢ᠃ ᠵᠢᠱᠢᠶᠡᠯᠡᠪᠡᠯ᠂ ᠠᠯᠭᠤᠷ ᠭᠦᠶᠦᠬᠦ ᠨᠢ ᠬᠠᠮᠤᠭ ᠤᠨ ᠦᠨᠳᠦᠰᠦᠨ ᠬᠦᠴᠢᠯᠲᠥ᠋ᠷᠥᠭᠴᠢᠲᠦ | ᠬᠥᠳᠡᠯᠭᠡᠭᠡᠨ ᠤ ᠨᠢᠭᠡ ᠪᠣᠯᠤᠭᠰᠠᠨ ᠤ ᠬᠤᠪᠢ ᠳᠤ ᠵᠢᠷᠦᠬᠡ ᠠᠭᠤᠰᠬᠢᠨ ᠤ ᠠᠵᠢᠯᠯᠠᠭ᠎ᠠ ᠶᠢ ᠢᠯᠡᠳᠲᠡ ᠰᠠᠶᠢᠵᠢᠷᠠᠭᠤᠯᠵᠤ᠂ ᠡᠭᠡᠯᠢᠯᠡᠭᠡ ᠶᠢᠨ ᠴᠢᠳᠠᠪᠤᠷᠢ ᠶᠢ | ᠨᠡᠮᠡᠭᠳᠡᠭᠦᠯᠦᠨ᠂ ᠰᠢᠨ᠎ᠡ ᠬᠠᠭᠤᠴᠢᠨ ᠤ ᠰᠣᠯᠢᠯᠴᠠᠭ᠎ᠠ ᠶᠢ ᠠᠬᠢᠭᠤᠯᠵᠤ᠂ ᠮᠠᠷᠢᠶ᠎ᠠ ᠶᠢ ᠰᠢᠭᠤᠷᠠᠭᠤᠯᠬᠤ ᠳᠤ ᠲᠤᠰᠠᠲᠠᠢ ᠪᠠᠶᠢᠳᠠᠭ᠃ ᠠᠯᠬᠤᠬᠤ ᠪᠣᠯ ᠨᠢᠭᠡ ᠵᠦᠢᠯ ᠤᠨ | ᠳᠥᠭᠦᠮ ᠪᠥᠭᠡᠳ ᠪᠦᠲᠦᠮᠵᠢᠲᠡᠶ ᠬᠦᠴᠢᠯᠲᠥ᠋ᠷᠥᠭᠴᠢᠲᠦ ᠬᠥᠳᠡᠯᠭᠡᠭᠡᠨ ᠪᠣᠯᠣᠨ᠎ᠠ᠂ ᠥᠭᠡᠬᠦ ᠶᠢ ᠪᠠᠭᠤᠷᠠᠭᠤᠯᠤᠨ᠂ ᠵᠢᠷᠦᠬᠡ ᠠᠭᠤᠰᠬᠢᠨ ᠤ ᠠᠵᠢᠯᠯᠠᠭ᠎ᠠ ᠶᠢ | ᠳᠡᠭᠡᠭᠰᠢᠯᠡᠭᠦᠯᠬᠦ ᠶᠢᠨ ᠬᠠᠮᠲᠤ ᠪᠠᠰᠠ ᠴᠢᠰᠤᠨ ᠳᠠᠷᠤᠯᠲᠠ᠂ ᠴᠢᠰᠤᠨ ᠰᠢᠬᠢᠷ ᠪᠠ ᠴᠢᠰᠤᠨ ᠤ ᠥᠭᠡᠬᠦ ᠶᠢ ᠬᠢᠵᠠᠭᠠᠷᠯᠠᠵᠤ᠂ ᠰᠡᠳᠬᠢᠴᠡ ᠶᠢᠨ ᠳᠠᠷᠤᠯᠲᠠ ᠶᠢ | ᠬᠥᠩᠭᠡᠷᠡᠭᠦᠯᠦᠨ᠎ᠡ︔ ᠰᠠᠭᠰᠤᠨ ᠪᠥᠮᠪᠦᠭᠡ᠂ ᠬᠥᠯ ᠪᠥᠮᠪᠦᠭᠡ᠂ ᠠᠯᠠᠭᠠᠳᠠᠬᠤ ᠪᠥᠮᠪᠦᠭᠡ ᠨᠠᠭᠠᠳᠬᠤ ᠨᠢ ᠵᠢᠷᠦᠬᠡ ᠠᠭᠤᠰᠬᠢᠨ ᠤ ᠠᠵᠢᠯᠯᠠᠭ᠎ᠠ᠂ ᠪᠣᠯᠴᠢᠩ ᠤᠨ ᠬᠦᠴᠦ᠂ | ᠲᠡᠩᠴᠡᠭᠦᠷᠢ ᠶᠢᠨ ᠴᠢᠳᠠᠪᠤᠷᠢ ᠪᠠ ᠲᠤᠰᠬᠠᠯ ᠤᠨ ᠴᠢᠳᠠᠪᠤᠷᠢ᠂ ᠮᠡᠳᠡᠷᠡᠯ ᠤᠨ ᠰᠢᠰᠲ᠋ᠧᠮ ᠤᠨ ᠠᠵᠢᠯᠯᠠᠭ᠎ᠠ ᠶᠢ ᠰᠠᠶᠢᠵᠢᠷᠠᠭᠤᠯᠤᠨ᠎ᠠ︔ ᠪᠠᠰᠠ ᠳᠤᠭᠤᠢ ᠤᠨᠤᠬᠤ᠂ ᠦᠳᠦᠨ | ᠪᠥᠮᠪᠦᠭᠡ ᠨᠠᠭᠠᠳᠬᠤ᠂ ᠠᠭᠤᠯᠠ ᠠᠪᠠᠷᠢᠬᠤ᠂ ᠶᠤᠭ᠎ᠠ ᠵᠡᠷᠭᠡ ᠁ ᠪᠢᠳᠡ ᠨᠠᠰᠤᠨ ᠤ ᠪᠠᠶᠢᠳᠠᠯ ᠪᠠ ᠪᠡᠶ᠎ᠡ ᠶᠢᠨ ᠡᠷᠡᠭᠦᠯ ᠮᠡᠨᠳᠦ ᠶᠢᠨ ᠪᠠᠶᠢᠳᠠᠯ ᠢᠶᠠᠨ ᠦᠨᠳᠦᠰᠦᠯᠡᠵᠦ | ᠵᠣᠬᠢᠰᠲᠠᠢ ᠬᠥᠳᠡᠯᠭᠡᠭᠡᠨ ᠢ ᠰᠣᠩᠭᠤᠵᠤ ᠪᠡᠶ᠎ᠡ ᠪᠠᠨ ᠪᠣᠯᠪᠠᠰᠤᠷᠠᠭᠤᠯᠵᠤ ᠪᠣᠯᠣᠨ᠎ᠠ᠃ | ᠲᠤᠰᠬᠠᠢ ᠮᠡᠷᠭᠡᠵᠢᠯᠲᠡ ᠤ ᠰᠠᠨᠠᠭᠤᠯᠤᠭᠰᠠᠨ ᠢᠶᠠᠷ᠂ ᠪᠡᠶ᠎ᠡ ᠮᠠᠬᠠᠪᠤᠳ ᠢᠶᠠᠨ ᠳᠠᠪᠲᠠᠨ ᠪᠤᠯᠪᠠᠰᠤᠷᠠᠭᠤᠯᠬᠤ ᠳᠤ ᠬᠦᠴᠢᠯᠲᠥ᠋ᠷᠥᠭᠴᠢᠲᠦ ᠬᠥᠳᠡᠯᠭᠡᠭᠡᠨ ᠢᠶᠠᠷ | ᠭᠤᠣᠯᠯᠠᠭᠤᠯᠵᠤ᠂ ᠳᠤᠮᠳᠠ ᠨᠠᠰᠤᠨ ᠤ ᠬᠥᠮᠥᠰ ᠲᠦᠷᠭᠡᠨ ᠠᠯᠬᠤᠬᠤ᠂ ᠤᠳᠠᠭᠠᠨ ᠭᠦᠶᠦᠬᠦ᠂ ᠠᠰᠠᠷ ᠤᠨ ᠱᠠᠲᠤ ᠪᠠᠷ ᠮᠠᠴᠤᠬᠤ ᠵᠡᠷᠭᠡ ᠳᠣᠣᠷ᠎ᠠ ᠬᠦᠴᠢᠯᠲᠥ᠋ᠷᠥᠭᠴᠢᠲᠦ | ᠬᠥᠳᠡᠯᠭᠡᠭᠡᠨ ᠢ ᠰᠣᠩᠭᠤᠵᠤ ᠪᠣᠯᠣᠨ᠎ᠠ︔ ᠨᠠᠰᠤᠲᠠᠶᠢᠴᠤᠳ ᠰᠤᠯᠠ ᠠᠯᠬᠤᠬᠤ᠂ ᠶᠤᠭ᠎ᠠ᠂ ᠨᠡᠷᠡᠬᠦᠢ ᠨᠢᠳᠤᠷᠭ᠎ᠠ ᠵᠡᠷᠭᠡ ᠶᠢ ᠰᠣᠩᠭᠤᠵᠤ ᠪᠣᠯᠣᠨ᠎ᠠ᠃ ᠨᠠᠮᠤᠷ ᠤᠨ | ᠤᠯᠠᠷᠢᠯ ᠳᠤ ᠬᠥᠮᠥᠨ ᠤ ᠮᠡᠳᠡᠷᠡᠯ ᠤᠨ ᠰᠢᠰᠲ᠋ᠧᠮ ᠤᠨ ᠬᠥᠭᠡᠷᠦᠯᠲᠡ ᠶᠢᠨ ᠴᠢᠨᠠᠷ ᠨᠡᠮᠡᠭᠳᠡᠵᠦ᠂ ᠹᠢᠽᠢᠣᠯᠣᠭᠢ ᠶᠢᠨ ᠠᠵᠢᠯᠯᠠᠭ᠎ᠠ ᠬᠥᠭᠵᠢᠶᠡᠨ ᠲᠠᠢ ᠪᠣᠯᠬᠤ ᠬᠠᠨᠳᠤᠰᠢ ᠲᠠᠢ | ᠪᠣᠯᠣᠨ᠎ᠠ᠃ ᠡᠨᠡ ᠤᠯᠠᠷᠢᠯ ᠳᠤ ᠬᠥᠮᠥᠰ ᠠᠮᠠᠷᠬᠠᠨ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠬᠡᠲᠦᠷᠬᠡᠢ ᠬᠢᠬᠦ ᠠᠴᠠ ᠪᠣᠯᠵᠤ ᠶᠠᠳᠠᠷᠠᠨ᠂ ᠠᠵᠢᠯ ᠪᠣᠯᠣᠨ ᠡᠷᠡᠭᠦᠯ | ᠮᠡᠨᠳᠦ ᠪᠠᠨ ᠨᠥᠯᠥᠭᠡᠯᠡᠵᠦ ᠮᠡᠳᠡᠨ᠎ᠡ᠃ ᠢᠯᠠᠩᠭᠤᠶ᠎ᠠ ᠢᠳᠡᠷ ᠥᠲᠡᠯᠦᠭᠡ ᠨᠠᠰᠤᠨ ᠤ ᠬᠥᠮᠥᠰ ᠬᠥᠳᠡᠯᠭᠡᠭᠡᠨ ᠤ ᠴᠠᠭ ᠪᠠ ᠬᠥᠳᠡᠯᠭᠡᠭᠡᠨ ᠤ ᠡᠷᠴᠢᠮ ᠢᠶᠠᠨ ᠰᠠᠶᠢᠲᠤᠷ | ᠲᠣᠬᠢᠷᠠᠭᠤᠯᠬᠤ ᠬᠡᠷᠡᠭᠲᠡᠢ᠃ ᠶᠡᠷᠦ ᠶᠢᠨ ᠪᠠᠶᠢᠳᠠᠯ ᠳᠤ᠂ ᠢᠳᠡᠷ ᠨᠠᠰᠤᠲᠠᠶᠢᠴᠤᠳ ᠤᠳᠠᠭ᠎ᠠ ᠪᠦᠷᠢ 1.5 ᠴᠠᠭ ᠠᠴᠠ ᠢᠯᠡᠭᠦᠦ ᠬᠥᠳᠡᠯᠭᠡᠭᠡᠨ ᠬᠢᠵᠦ ᠪᠣᠯᠬᠤ ᠦᠭᠡᠢ᠃ | ᠵᠣᠬᠢᠰᠲᠠᠢ ᠪᠡᠶ᠎ᠡ ᠶᠢᠨ ᠲᠠᠮᠢᠷ ᠤᠨ ᠬᠥᠳᠡᠯᠭᠡᠭᠡᠨ ᠬᠢᠪᠡᠯ ᠪᠣᠯᠴᠢᠬᠠᠨ᠎ᠠ᠃ | ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠠᠷᠠᠭ᠎ᠠ ᠤᠰᠤ ᠨᠥᠬᠦᠪᠦᠷᠢᠯᠡᠬᠦ ᠶᠢ ᠠᠩᠬᠠᠷᠬᠤ ᠬᠡᠷᠡᠭᠲᠡᠢ᠃ ᠲᠠᠮᠢᠷ ᠤᠨ ᠬᠥᠳᠡᠯᠭᠡᠭᠡᠨ ᠬᠢᠭᠰᠡᠨ ᠤ ᠳᠠᠷᠠᠭ᠎ᠠ᠂ | ᠪᠤᠴᠠᠯᠤᠭᠰᠠᠨ ᠤᠰᠤ ᠢᠯᠡᠭᠦᠬᠡᠨ ᠤᠤᠭᠤᠬᠤ ᠬᠡᠷᠡᠭᠲᠡᠢ᠂ ᠨᠢᠰᠢᠩᠭᠦ᠂ ᠠᠯᠢᠮ᠎ᠠ᠂ ᠠᠯᠮᠤᠷᠠᠳ᠂ ᠰᠦ᠂ ᠮᠠᠭᠠᠵᠢ᠂ ᠰᠢᠨ᠎ᠡ ᠰᠣᠷᠭᠤᠭ ᠢᠳᠡᠰᠢᠨ ᠨᠣᠭᠤᠭ᠎ᠠ ᠵᠡᠷᠭᠡ ᠶᠢ | ᠢᠯᠡᠭᠦᠬᠡᠨ ᠢᠳᠡᠵᠦ᠂ ᠠᠮᠢᠰᠬᠤᠯ ᠤᠨ ᠵᠠᠮ ᠤᠨ ᠰᠠᠯᠢᠰᠤᠲᠤ ᠪᠦᠷᠬᠦᠪᠴᠢ ᠶᠢᠨ ᠬᠡᠪ ᠤᠨ ᠱᠦᠭᠦᠷᠡᠯ ᠢ ᠪᠠᠲᠤᠯᠠᠵᠤ᠂ ᠬᠤᠭᠤᠯᠠᠢ ᠬᠠᠪᠤᠳᠴᠤ ᠡᠪᠡᠳᠬᠦ ᠶᠢ ᠰᠡᠷᠭᠡᠶᠢᠯᠡᠨ᠎ᠡ᠃ | ᠬᠡᠳᠦ ᠬᠥᠯᠥᠰᠦ ᠭᠠᠷᠤᠭᠰᠠᠨ ᠪᠣᠯ ᠪᠤᠴᠠᠯᠤᠭᠰᠠᠨ ᠤᠰᠤᠨ ᠳᠠᠭᠠᠨ ᠪᠠᠭ᠎ᠠ ᠬᠡᠮᠵᠢᠶᠡᠨ ᠤ ᠳᠠᠪᠤᠰᠤ ᠨᠡᠮᠡᠵᠦ ᠤᠤᠭᠤᠵᠤ ᠪᠣᠯᠣᠨ᠎ᠠ᠃ ᠤᠰᠤ ᠤᠤᠭᠤᠬᠤ ᠳᠠᠭᠠᠨ ᠪᠠᠭ᠎ᠠ | ᠬᠡᠮᠵᠢᠶ᠎ᠡ ᠪᠠᠷ ᠤᠯᠠᠨ ᠤᠳᠠᠭ᠎ᠠ ᠤᠳᠠᠭᠠᠨ ᠤᠤᠭᠤᠬᠤ ᠶᠢ ᠪᠠᠷᠢᠮᠲᠠᠯᠠᠨ᠎ᠠ᠃ ᠪᠡᠶ᠎ᠡ ᠶᠢᠨ ᠲᠠᠮᠢᠷ ᠤᠨ ᠬᠥᠳᠡᠯᠭᠡᠭᠡᠨ ᠨᠢᠭᠡᠨᠲᠡ ᠠᠷᠠᠳ ᠢᠷᠭᠡᠳ ᠤᠨ ᠪᠡᠶ᠎ᠡ ᠮᠠᠬᠠᠪᠤᠳ ᠢᠶᠠᠨ | ᠴᠢᠭᠢᠷᠠᠭᠵᠢᠭᠤᠯᠵᠤ᠂ ᠡᠷᠡᠭᠦᠯ ᠮᠡᠨᠳᠦ ᠶᠢᠨ ᠬᠢᠷᠢ ᠬᠡᠮᠵᠢᠶ᠎ᠡ ᠶᠢ ᠳᠡᠭᠡᠭᠰᠢᠯᠡᠬᠦᠯᠬᠦ ᠬᠠᠮᠤᠭ ᠤᠨ ᠢᠳᠡᠪᠬᠢᠲᠡᠢ᠂ ᠬᠠᠮᠤᠭ ᠤᠨ ᠪᠦᠲᠦᠮᠵᠢᠲᠠᠢ ᠠᠷᠭ᠎ᠠ ᠬᠡᠯᠪᠡᠷᠢ ᠪᠣᠯᠤᠭᠰᠠᠨ | ᠪᠠᠶᠢᠨ᠎ᠠ᠃ | ᠤᠯᠤᠰ ᠣᠷᠣᠨ ᠤ ᠬᠥᠭᠵᠢᠯᠲᠡ ᠶᠢᠨ ᠦᠷ᠎ᠡ ᠪᠦᠲᠦᠭᠡᠯ ᠢ ᠤᠯᠠᠨ ᠲᠦᠮᠡᠨ ᠳᠤ ᠬᠠᠮᠲᠤ ᠪᠠᠷ ᠡᠳ᠋ᠯᠡᠬᠦᠯᠬᠦ ᠶᠢ ᠳᠠᠭᠠᠯᠳᠤᠨ᠂ ᠪᠦᠬᠦ ᠠᠷᠠᠳ ᠤᠨ ᠡᠯ᠎ᠡ | ᠵᠦᠢᠯ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠣᠷᠤᠯᠴᠠᠬᠤ ᠣᠷᠴᠢᠨ ᠨᠥᠬᠦᠴᠡᠯ ᠤᠯᠠᠮ ᠢᠶᠠᠷ ᠰᠠᠶᠢᠵᠢᠷᠠᠵᠤ᠂ ᠪᠦᠬᠦ ᠠᠷᠠᠳ ᠤᠨ ᠪᠡᠶ᠎ᠡ | ᠴᠢᠭᠢᠷᠠᠭᠵᠢᠭᠤᠯᠤᠯᠲᠠ ᠶᠢ ᠲᠠᠶᠢᠴᠢᠯᠠᠨ ᠡᠷᠡᠭᠦᠯ ᠡᠩᠬᠡ ᠲᠤᠮᠳᠠᠳᠤ ᠤᠯᠤᠰ ᠤᠨ ᠪᠠᠶᠢᠭᠤᠯᠤᠯᠲᠠ ᠶᠢ ᠠᠬᠢᠭᠤᠯᠵᠤ ᠪᠠᠶᠢᠨ᠎ᠠ᠃ | |