ᠰᠢᠨ᠎ᠡ ᠪᠠᠷᠭᠤ ᠵᠡᠭᠦᠨ ᠬᠤᠰᠢᠭᠤᠨ ᠤ ︽ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠠᠰᠠᠭᠤᠳᠠᠯ ᠢ ᠰᠢᠰᠲ᠋ᠧᠮ ᠲᠠᠢ ᠰᠢᠢᠳᠪᠦᠷᠢᠯᠡᠵᠦ  ᠤᠯᠠᠮᠵᠢᠯᠠᠯᠲᠤ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠬᠤ︾ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/5/9
          5 ᠰᠠᠷ᠎ᠠ ᠶᠢᠨ 8 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠦ᠋ ᠰᠢᠤᠸᠠᠢ ᠶᠦᠩ ᠰᠢᠨ᠎ᠡ ᠪᠠᠷᠭᠤ ᠵᠡᠭᠦᠨ ᠬᠤᠰᠢᠭᠤᠨ ᠤ ︽ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠠᠰᠠᠭᠤᠳᠠᠯ ᠢ ᠰᠢᠰᠲ᠋ᠧᠮ ᠲᠠᠢ ᠰᠢᠢᠳᠪᠦᠷᠢᠯᠡᠵᠦ ᠤᠯᠠᠮᠵᠢᠯᠠᠯᠲᠤ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠬᠤ︾ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃          ᠬᠤᠰᠢᠭᠤᠨ ᠤ ᠤᠳᠤᠷᠢᠳᠤᠯᠭ᠎ᠠ ᠬᠠᠳᠠ᠂ ᠯᠢᠦ ᠰᠢᠶᠣᠣ ᠬᠦᠢ᠂ ᠸᠠᠩ ᠰᠢᠩ ᠭᠦᠸᠧ ᠬᠤᠷᠠᠯ ᠳᠤ ᠣᠷᠣᠯᠴᠠᠵᠤ᠂ ᠡᠯ᠎ᠡ ᠰᠤᠮᠤ ᠪᠠᠯᠭᠠᠰᠤ᠂ ᠡᠯ᠎ᠡ ᠬᠠᠮᠢᠶ᠎ᠠ ᠪᠦᠬᠦᠢ ᠪᠠᠶᠢᠭᠤᠯᠭ᠎ᠠ ᠨᠢᠭᠡᠴᠢ ᠶᠢᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃          ᠬᠤᠷᠠᠯ  ᠠᠴᠠ ᠡᠯ᠎ᠡ ᠲᠤᠰᠬᠠᠢ ᠠᠵᠢᠯ ᠤᠨ ᠳᠤᠭᠤᠶᠢᠯᠠᠩ ᠤᠨ ᠠᠵᠢᠯ ᠥᠷᠨᠢᠭᠦᠯᠦᠭᠰᠡᠨ ᠪᠠᠶᠢᠳᠠᠯ ᠪᠠ ᠠᠵᠢᠯ ᠤᠨ ᠲᠥᠯᠥᠪᠯᠡᠭᠡ ᠶᠢ ᠰᠣᠨᠣᠰᠴᠤ᠂ ᠡᠯ᠎ᠡ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠬᠤᠰᠢᠭᠤᠨ ᠳᠠᠷᠤᠭ᠎ᠠ ᠨᠠᠷ ᠪᠣᠳᠠᠲᠠᠢ ᠠᠵᠢᠯ ᠤᠨ ᠲᠠᠯ᠎ᠠ ᠪᠠᠷ ᠪᠠᠶᠢᠷᠢᠯᠠᠭᠤᠯᠤᠯᠲᠠ ᠬᠢᠪᠡ᠃          ᠦ᠋ ᠰᠢᠤᠸᠠᠢ ᠶᠦᠩ ᠴᠢᠬᠤᠯᠠᠴᠢᠯᠠᠭᠰᠠᠨ ᠨᠢ᠂ ︽ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠠᠰᠠᠭᠤᠳᠠᠯ ᠢ ᠰᠢᠰᠲ᠋ᠧᠮ ᠲᠠᠢ ᠰᠢᠢᠳᠪᠦᠷᠢᠯᠡᠵᠦ ᠤᠯᠠᠮᠵᠢᠯᠠᠯᠲᠤ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠬᠤ︾ᠪᠣᠯ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠠᠩᠬᠠᠨ ᠤ ᠬᠠᠷᠢᠭᠤᠯᠲᠠ ᠪᠠᠶᠢᠵᠤ᠂ ᠨᠡᠩ ᠴᠤ ᠮᠠᠯᠵᠢᠬᠤ ᠣᠷᠣᠨ ᠤ ᠣᠳᠣᠬᠢᠴᠢᠯᠠᠯᠲᠠ ᠶᠢ ᠪᠡᠶᠡᠯᠡᠭᠦᠯᠬᠦ ᠶᠢᠨ ᠵᠠᠪᠠᠯ ᠬᠠᠷᠢᠭᠤᠯᠬᠤ ᠰᠡᠳᠦᠪ ᠪᠣᠯᠣᠨ᠎ᠠ᠃ ᠡᠯ᠎ᠡ ᠰᠠᠯᠠᠭ᠎ᠠ ᠮᠥᠴᠢᠷ᠂ ᠡᠯ᠎ᠡ ᠰᠤᠮᠤ ᠪᠠᠯᠭᠠᠰᠤ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ︽ᠲᠤᠰᠬᠠᠢ ᠠᠩᠭᠢ+ ᠲᠤᠰᠬᠠᠢ ᠲᠥᠷᠥᠯ ᠵᠦᠢᠯ︾ ᠤᠨ ᠰᠢᠪᠲᠤᠯᠤᠯᠲᠠ ᠶᠢᠨ ᠵᠠᠭᠪᠤᠷ ᠢ ᠰᠠᠶᠢᠲᠤᠷ ᠨᠠᠶᠢᠳᠠᠪᠤᠷᠢᠵᠢᠭᠤᠯᠤᠨ᠂ ᠰᠠᠯᠠᠭ᠎ᠠ ᠮᠥᠴᠢᠷ ᠤᠨ ︽ᠨᠢᠭᠡᠳᠦᠭᠡᠷ ᠬᠠᠷᠢᠭᠤᠴᠠᠯᠭᠠᠲᠠᠨ︾ ᠤ ᠳᠠᠭᠠᠭᠤᠯᠬᠤ ᠲᠣᠭᠲᠠᠴᠠ ᠶᠢ ᠭᠦᠨᠵᠡᠭᠡᠶᠢᠷᠡᠭᠦᠯᠵᠦ᠂ ︽ᠲᠥᠷᠥ ᠶᠢᠨ ᠪᠣᠳᠣᠯᠭ᠎ᠠ ᠶᠢ ᠰᠤᠳᠤᠯᠤᠨ ᠤᠩᠰᠢᠬᠤ︱ ᠲᠤᠰᠬᠠᠢ ᠰᠡᠳᠦᠪ ᠢᠶᠠᠷ ᠳᠣᠭᠢᠷᠠᠭᠤᠯᠬᠤ︱ ᠮᠥᠷᠳᠡᠨ ᠦᠷ᠎ᠡ ᠪᠦᠲᠦᠮᠵᠢ ᠶᠢ ᠠᠰᠠᠭᠤᠬᠤ︾ ᠪᠢᠲᠡᠭᠦᠦ ᠴᠠᠭᠠᠷᠢᠭ ᠢ ᠪᠠᠶᠢᠭᠤᠯᠵᠤ᠂ ᠡᠯ᠎ᠡ ᠵᠦᠢᠯ ᠤᠨ ᠠᠵᠢᠯ ᠢ ᠠᠯᠬᠤᠮ ᠠᠯᠬᠤᠮ ᠢᠶᠠᠷ ᠠᠬᠢᠭᠤᠯᠬᠤ ᠬᠡᠷᠡᠭᠲᠡᠢ᠃ 15ᠬᠤᠪᠢᠶᠠᠷᠢ ᠲᠥᠰᠥᠯ ᠢ ᠨᠠᠶᠢᠳᠠᠪᠤᠷᠢᠵᠢᠭᠤᠯᠬᠤ ᠶᠢ ᠭᠤᠣᠯᠳᠠᠯᠭ᠎ᠠ ᠲᠠᠢ ᠰᠢᠪᠲᠤᠯᠵᠤ᠂ ᠰᠢᠰᠲ᠋ᠧᠮ ᠲᠠᠢ ᠠᠬᠢᠭᠤᠯᠵᠤ᠂ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ᠂ ︽ᠭᠤᠷᠪᠠ ᠶᠢ ᠨᠢᠭᠡ ᠴᠣᠭᠴᠠᠵᠢᠭᠤᠯᠬᠤ︾ ᠶᠡᠷᠦᠩᠬᠡᠶᠢᠯᠡᠭᠰᠡᠨ ᠥᠭᠡᠷᠡᠴᠢᠯᠡᠯᠲᠡ᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠮᠥᠷᠳᠡᠨ ᠤᠬᠤᠴᠢᠯᠠᠬᠤ ᠰᠢᠰᠲ᠋ᠧᠮ ᠤᠨ ᠪᠦᠲᠦᠭᠡᠨ ᠪᠠᠶᠢᠭᠤᠯᠤᠯᠲᠠ᠂ ᠮᠠᠯ ᠮᠠᠯᠵᠢᠯ ᠤᠨ ᠠᠰᠠᠭᠤᠳᠠᠯ ᠢ ᠰᠢᠰᠲ᠋ᠧᠮ ᠲᠠᠢ ᠰᠢᠢᠳᠪᠦᠷᠢᠯᠡᠬᠦ᠂ ᠪᠣᠯᠪᠠᠰᠤᠷᠠᠭᠤᠯᠵᠤ ᠤᠬᠠᠭᠤᠯᠬᠤ ᠵᠡᠷᠭᠡ ᠠᠵᠢᠯ ᠢ ᠰᠢᠰᠲ᠋ᠧᠮ ᠲᠠᠢ ᠬᠢᠵᠦ᠂ ᠪᠦᠯᠬᠦᠮᠳᠡᠨ ᠨᠢᠭᠲᠠᠷᠠᠵᠤ᠂ ᠮᠠᠩᠯᠠᠢ  ᠳᠤᠨᠢ ᠭᠠᠷᠬᠤ ᠪᠠᠷ ᠮᠡᠷᠡᠶᠢᠨ ᠴᠢᠷᠮᠠᠶᠢᠵᠤ᠂ ᠪᠥᠬᠦ ᠬᠤᠰᠢᠭᠤᠨ ᠤ ᠤᠯᠠᠮᠵᠢᠯᠠᠯᠲᠤ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠠᠵᠢᠯ ᠨᠠᠩ ᠶᠡᠭᠡ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ᠃
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ