5 ᠰᠠᠷ᠎ᠠ ᠶᠢᠨ 9 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠦ᠋ ᠰᠢᠤᠸᠠᠢ ᠶᠦᠩ ᠪᠦᠯᠬᠦᠮ | ᠳᠠᠭᠠᠭᠤᠯᠤᠨ ᠬᠢᠩᠭᠠᠨ ᠠᠶᠢᠮᠠᠭ ᠤᠨ ᠷᠠᠰᠢᠶᠠᠨ ᠬᠤᠲᠠ ᠳᠤ ᠬᠦᠷᠴᠦ᠂ ᠷᠠᠰᠢᠶᠠᠨ ᠬᠤᠲᠠ ᠶᠢᠨ ᠵᠠᠰᠠᠭ ᠤᠨ ᠣᠷᠳᠣᠨ᠂ ᠷᠠᠰᠢᠶᠠᠨ ᠬᠤᠲᠠ ᠶᠢᠨ ᠣᠶ ᠰᠢᠭᠤᠢ ᠶᠢᠨ | ᠠᠵᠤ ᠦᠢᠯᠡᠳᠪᠦᠷᠢ ᠶᠢᠨ ᠺᠣᠮᠫᠠᠨᠢ ᠲᠠᠢ ᠰᠣᠶᠣᠯ ᠵᠢᠭᠤᠯᠴᠢᠯᠠᠯ ᠢ ᠵᠣᠬᠢᠴᠠᠯᠳᠤᠭᠤᠯᠤᠨ ᠬᠥᠭᠵᠢᠭᠦᠯᠬᠦ᠂ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ | ᠤᠨᠲᠠᠷᠠᠭᠠᠬᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠲᠤᠷᠠᠭᠰᠠᠨ ᠬᠠᠤᠯᠢ ᠬᠡᠷᠡᠭᠵᠢᠭᠦᠯᠦᠯᠲᠡ᠂ ᠭᠠᠳᠠᠨ᠎ᠠ ᠠᠴᠠ ᠢᠷᠡᠭᠰᠡᠨ ᠮᠠᠯ ᠤᠨᠤᠭ᠎ᠠ ᠶᠢ ᠬᠠᠮᠢᠶᠠᠷᠤᠨ | ᠡᠵᠡᠮᠳᠡᠬᠦ ᠵᠡᠷᠭᠡ ᠬᠠᠮᠲᠤᠷᠠᠯᠴᠠᠭᠠᠨ ᠤ ᠲᠠᠯ᠎ᠠ ᠪᠠᠷ ᠶᠠᠷᠢᠯᠴᠠᠨ ᠰᠣᠯᠢᠯᠴᠠᠪᠠ᠃ ᠷᠠᠰᠢᠶᠠᠨ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ | ᠳᠠᠷᠤᠭ᠎ᠠ ᠠ᠋ ᠡᠷᠬᠢᠮᠲᠦ᠂ ᠬᠤᠳᠠ ᠶᠢᠨ ᠤᠢ ᠰᠢᠭᠤᠢ ᠶᠢᠨ ᠠᠵᠤ ᠦᠢᠯᠡᠳᠪᠦᠷᠢ ᠶᠢᠨ ᠺᠣᠮᠫᠠᠨᠢ ᠶᠢᠨ ᠨᠠᠮ ᠤᠨ ᠬᠤᠷᠢᠶᠠᠨ ᠤ ᠳᠡᠳ᠋ ᠱᠦᠵᠢ᠂ ᠶᠡᠷᠦᠩᠬᠡᠢ | ᠳᠠᠭᠠᠭᠠᠮᠠᠯ ᠶᠢᠨ ᠢᠦᠢ ᠰᠢᠨ ᠵᠢᠴᠢ ᠬᠤᠶᠠᠷ ᠭᠠᠵᠠᠷ ᠤᠨ ᠭᠤᠷᠪᠠᠨ ᠲᠠᠯ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠥᠬᠦᠳ ᠶᠠᠷᠢᠯᠴᠠᠬᠤ ᠬᠤᠷᠠᠯ ᠳᠤ | ᠣᠷᠣᠯᠴᠠᠪᠠ᠃ | | | | | ᠦ᠋ ᠰᠢᠤᠸᠠᠢ ᠶᠦᠩ ᠬᠡᠯᠡᠭᠰᠡᠨ ᠨᠢ᠂ ᠰᠢᠨ᠎ᠡ ᠪᠠᠷᠭᠤ ᠵᠡᠭᠦᠨ ᠬᠤᠰᠢᠭᠤ ᠪᠣᠯᠣᠨ ᠷᠠᠰᠢᠶᠠᠨ ᠬᠤᠲᠠ ᠶᠢᠨ ᠭᠠᠵᠠᠷ ᠨᠤᠲᠤᠭ ᠣᠶᠢᠷᠠᠯᠴᠠᠭ᠎ᠠ ᠪᠠᠶᠢᠵᠤ᠂ | ᠡᠬᠢ ᠪᠠᠶᠠᠯᠢᠭ ᠬᠠᠷᠢᠯᠴᠠᠨ ᠨᠥᠬᠦᠪᠦᠷᠢᠯᠡᠵᠦ᠂ ᠥᠷᠭᠡᠨ ᠠᠭᠤᠳᠠᠮ ᠬᠠᠮᠲᠤᠷᠠᠯᠴᠠᠭᠠᠨ ᠤ ᠣᠷᠣᠨ ᠵᠠᠢ ᠲᠠᠢ ᠶᠤᠮ᠃ ᠲᠤᠰ ᠤᠳᠠᠭᠠᠨ ᠤ ᠬᠤᠷᠠᠯ ᠢᠶᠠᠷ ᠰᠢᠨ᠎ᠡ | ᠭᠠᠷᠤᠭ᠎ᠠ ᠪᠣᠯᠭᠠᠵᠤ᠂ ᠭᠤᠷᠪᠠᠨ ᠲᠠᠯ᠎ᠠ ᠶᠢᠨ ᠡᠬᠢ ᠪᠠᠶᠠᠯᠢᠭ ᠤᠨ ᠳᠠᠪᠠᠭᠤᠯᠢᠭ᠂ ᠣᠷᠣᠨ ᠪᠠᠶᠢᠷᠢ ᠶᠢᠨ ᠨᠥᠬᠦᠴᠡᠯ ᠪᠣᠯᠣᠨ ᠠᠵᠤ ᠦᠢᠯᠡᠰ ᠤᠨ ᠳᠠᠪᠠᠭᠤᠯᠢᠭ ᠲᠤ | ᠰᠠᠭᠤᠷᠢᠯᠠᠵᠤ᠂ ᠬᠠᠮᠲᠤᠷᠠᠯᠴᠠᠭ᠎ᠠ ᠬᠢᠵᠦ ᠬᠠᠮᠲᠤᠪᠠᠷ ᠠᠰᠢᠭ ᠬᠦᠷᠳᠡᠬᠦ ᠶᠢᠨ ᠭᠠᠷᠳᠠᠬᠤ ᠴᠡᠭ ᠢ ᠰᠦᠪᠡᠭᠴᠢᠯᠡᠵᠦ᠂ ᠣᠷᠣᠨ ᠪᠦᠰᠡ ᠶᠢᠨ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠬᠦ ᠠᠵᠢᠯᠯᠠᠭ᠎ᠠ ᠶᠢ ᠨᠠᠶᠢᠳᠠᠪᠤᠷᠢᠵᠢᠭᠤᠯᠬᠤ ᠶᠢ ᠬᠦᠰᠡᠵᠦ ᠪᠠᠶᠢᠨ᠎ᠠ᠃ ᠰᠣᠶᠣᠯ ᠵᠢᠭᠤᠯᠴᠢᠯᠠᠯ ᠤᠨ ᠬᠠᠮᠵᠢᠯᠴᠠᠨ ᠬᠥᠭᠵᠢᠬᠦ᠂ ᠠᠮᠢ ᠠᠬᠤᠢ ᠶᠢᠨ | ᠣᠷᠴᠢᠨ ᠲᠣᠭᠤᠷᠢᠨ ᠤ ᠬᠠᠮᠠᠭᠠᠯᠠᠯᠲᠠ᠂ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠵᠡᠷᠭᠡ ᠶᠠᠪᠤᠳᠠᠯ ᠳᠤ ᠠᠩᠬᠠᠷᠤᠯ ᠢᠶᠠᠨ | ᠲᠥᠪᠯᠡᠷᠡᠭᠦᠯᠵᠦ᠂ ᠬᠠᠮᠲᠤᠷᠠᠯᠴᠠᠭᠠᠨ ᠤ ᠲᠦᠷᠦᠯ ᠵᠦᠢᠯᠡᠰ ᠤᠨ ᠨᠠᠷᠢᠨ ᠲᠠᠩᠰᠠ ᠶᠢ ᠲᠣᠭᠲᠠᠭᠠᠨ ᠨᠠᠷᠢᠯᠢᠭᠵᠢᠭᠤᠯᠵᠤ᠂ ᠪᠠᠶᠢᠩᠭᠤᠵᠢᠭᠤᠯᠤᠭᠰᠠᠨ ᠠᠵᠢᠯ ᠤᠨ | ᠬᠠᠷᠢᠯᠴᠠᠬᠤ ᠲᠣᠭᠲᠠᠴᠠ ᠶᠢ ᠪᠠᠶᠢᠭᠤᠯᠵᠤ᠂ ᠨᠠᠷᠢᠨ ᠲᠠᠩᠰᠠᠴᠢᠯᠠᠭᠰᠠᠨ ᠬᠠᠮᠢᠶᠠᠷᠤᠯᠲᠠ᠂ ᠵᠤᠷᠪᠤᠰᠴᠢᠯᠠᠭᠰᠠᠨ ᠬᠡᠯᠪᠡᠷᠢ ᠪᠠᠷ ᠠᠬᠢᠭᠤᠯᠬᠤ ᠠᠷᠭ᠎ᠠ ᠬᠡᠯᠪᠡᠷᠢ ᠪᠠᠷ ᠡᠯ᠎ᠡ | ᠵᠦᠢᠯ ᠤᠨ ᠬᠠᠮᠲᠤᠷᠠᠯᠴᠠᠭᠠᠨ ᠤ ᠠᠷᠭ᠎ᠠ ᠬᠡᠮᠵᠢᠶ᠎ᠡ ᠶᠢ ᠪᠣᠳᠠᠲᠠᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃ | ᠡᠷᠬᠢᠮᠲᠦ ᠬᠡᠯᠡᠬᠦ ᠳᠡᠭᠡᠨ᠂ ᠣᠷᠣᠨ ᠨᠤᠲᠤᠭ ᠤᠨ ᠵᠠᠰᠠᠭ ᠤᠨ ᠣᠷᠳᠣᠨ ᠠᠵᠤ ᠠᠬᠤᠶᠢᠯᠠᠯ ᠭᠤᠷᠪᠠᠨ ᠲᠠᠯ᠎ᠠ ᠪᠠᠷ ᠢᠶᠠᠨ ᠭᠠᠵᠠᠷ ᠣᠷᠣᠨ ᠣᠶᠢᠷᠠᠯᠴᠠᠭ᠎ᠠ᠂ | ᠰᠣᠶᠣᠯ ᠢᠷᠭᠡᠨᠰᠢᠯ ᠳᠣᠲᠣᠨᠣ᠂ ᠡᠬᠢ ᠪᠠᠶᠠᠯᠢᠭ ᠬᠠᠷᠢᠯᠴᠠᠨ ᠨᠥᠬᠦᠪᠦᠷᠢᠯᠡᠬᠦ ᠳᠠᠪᠠᠭᠤᠯᠢᠭ ᠢᠶᠠᠨ ᠦᠷᠭᠦᠯᠵᠢᠯᠡᠨ ᠪᠠᠳᠠᠷᠠᠭᠤᠯᠵᠤ᠂ ᠠᠵᠤ ᠦᠢᠯᠡᠰ ᠤᠨ | ᠬᠠᠮᠲᠤ ᠶᠢᠨ ᠬᠥᠭᠵᠢᠯ᠂ ᠦᠢᠯᠡᠳᠬᠦᠨ ᠤ ᠬᠠᠮᠲᠤ ᠶᠢᠨ ᠪᠠᠶᠢᠭᠤᠯᠤᠯᠲᠠ᠂ ᠨᠠᠷᠠᠲᠤ ᠲᠡᠮᠳᠡᠭᠲᠦ ᠶᠢᠨ ᠬᠠᠮᠲᠤ ᠶᠢᠨ ᠡᠭᠦᠳᠦᠯᠲᠡ ᠵᠡᠷᠭᠡ ᠤᠴᠢᠷ ᠶᠠᠪᠤᠳᠠᠯ ᠢ | ᠬᠠᠮᠵᠢᠯᠴᠠᠨ ᠠᠬᠢᠭᠤᠯᠬᠤ ᠶᠢ ᠬᠦᠰᠡᠵᠦ ᠪᠠᠶᠢᠨ᠎ᠠ᠂ ᠭᠤᠷᠪᠠᠨ ᠲᠠᠯ᠎ᠠ ᠪᠠᠷ ᠢᠶᠠᠨ ᠭᠠᠷ ᠬᠤᠯᠪᠣᠨ ᠬᠠᠮᠲᠤ ᠪᠠᠷ ᠤᠷᠤᠭᠰᠢᠯᠠᠵᠤ᠂ ᠬᠠᠮᠲᠤᠷᠠᠯᠴᠠᠭᠠᠨ ᠤ ᠵᠠᠭᠠᠭ | ᠬᠢᠵᠠᠭᠠᠷ ᠢ ᠲᠠᠰᠤᠷᠠᠯᠲᠠ ᠦᠭᠡᠢ ᠰᠢᠪᠲᠤᠯᠵᠤ᠂ ᠣᠷᠣᠨ ᠪᠦᠰᠡ ᠶᠢᠨ ᠬᠠᠮᠵᠢᠯᠴᠠᠨ ᠬᠥᠭᠵᠢᠬᠦ ᠶᠢ ᠨᠠᠩ ᠥᠨᠳᠥᠷ ᠲᠦᠪᠰᠢᠨ ᠳᠤ ᠬᠦᠷᠭᠡᠵᠦ᠂ ᠬᠠᠮᠲᠤᠷᠠᠨ | ᠠᠵᠢᠯᠯᠠᠵᠤ ᠬᠠᠮᠲᠤ ᠪᠠᠷ ᠠᠰᠢᠭ ᠭᠥᠷᠳᠡᠬᠦ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠬᠦ ᠶᠢ ᠬᠦᠰᠡᠵᠦ ᠪᠠᠶᠢᠨ᠎ᠠ ᠭᠡᠵᠡᠢ᠃ | ᠶᠢᠨ ᠢᠦᠢ ᠰᠢᠨ ᠢᠯᠡᠷᠬᠡᠶᠢᠯᠡᠭᠰᠡᠨ ᠨᠢ᠂ ᠷᠠᠰᠢᠶᠠᠨ ᠬᠤᠳᠠ᠂ ᠰᠢᠨ᠎ᠡ ᠪᠠᠷᠭᠤ ᠵᠡᠭᠦᠨ ᠬᠤᠰᠢᠭᠤ ᠪᠣᠯᠣᠨ ᠤᠢ ᠰᠢᠭᠤᠢ ᠶᠢᠨ ᠠᠵᠤ ᠦᠢᠯᠡᠳᠪᠦᠷᠢ ᠶᠢᠨ | ᠺᠣᠮᠫᠠᠨᠢ ᠴᠥᠮ ᠤᠯᠤᠰ ᠤᠨ ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠮᠵᠢᠲᠤ ᠣᠷᠣᠨ ᠳᠤ ᠬᠠᠷᠢᠶᠠᠯᠠᠭᠳᠠᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ | ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠬᠠᠮᠲᠤ ᠶᠢᠨ ᠡᠭᠦᠷᠭᠡ ᠶᠢ ᠡᠭᠦᠷᠭᠡᠯᠡᠵᠦ ᠪᠠᠶᠢᠨ᠎ᠠ᠃ᠤᠢ ᠰᠢᠭᠤᠢ ᠶᠢᠨ ᠠᠵᠤ | ᠦᠢᠯᠡᠳᠪᠦᠷᠢ ᠶᠢᠨ ᠺᠣᠮᠫᠠᠨᠢ ᠠᠵᠤ ᠠᠬᠤᠶᠢᠯᠠᠯ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠤᠶᠠᠷ ᠭᠠᠵᠠᠷ ᠤᠨ ᠣᠷᠣᠨ ᠪᠦᠰᠡ ᠶᠢᠨ | ᠬᠠᠮᠲᠤᠷᠠᠯᠴᠠᠭᠠᠨ ᠤ ᠠᠵᠢᠯ ᠳᠤ ᠪᠦᠬᠦ ᠬᠦᠴᠦᠨ ᠢᠶᠠᠷ ᠢᠶᠠᠨ ᠬᠠᠮᠵᠢᠯᠴᠠᠵᠤ᠂︽ᠨᠢᠭᠡ ᠬᠡᠰᠡᠭ ᠣᠢ᠂ ᠨᠢᠭᠡ ᠭᠡᠷ ᠤᠨ ᠬᠥᠮᠥᠰ᠂ ᠨᠢᠭᠡ ᠰᠡᠳᠬᠢᠯ᠂ ᠨᠢᠭᠡ ᠶᠠᠪᠤᠳᠠᠯ᠂ | ᠴᠤᠭ ᠲᠠᠭᠠᠨ ᠬᠢᠵᠦ᠂ ᠯᠠᠪᠲᠠᠢ ᠠᠮᠵᠢᠯᠲᠠ ᠣᠯᠬᠤ︾ᠬᠠᠮᠲᠤᠷᠠᠯᠴᠠᠨ ᠬᠥᠭᠵᠢᠬᠦ ᠣᠶᠢᠯᠠᠭᠠᠭᠳᠠᠬᠤᠨ ᠢᠶᠠᠷ ᠬᠤᠶᠠᠷ ᠭᠠᠵᠠᠷ ᠤᠨ ᠡᠯ᠎ᠡ ᠲᠦᠷᠦᠯ ᠵᠦᠢᠯ ᠤᠨ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ | | |