5 ᠰᠠᠷ᠎ᠠ ᠶᠢᠨ 9 ᠤ ᠡᠳᠦᠷ᠂ ᠰᠢᠨ᠎ᠡ ᠪᠠᠷᠭᠤ ᠵᠡᠭᠦᠨ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ ᠤᠨ | 2025 ᠣᠨ ᠤ ᠵᠢᠷᠭᠤᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ | ᠨᠠᠢ ᠪᠢᠨ ᠬᠤᠷᠠᠯ ᠡᠷᠭᠢᠯᠡᠵᠦ ᠶᠠᠷᠢᠶ᠎ᠠ ᠲᠠᠯᠪᠢᠪᠠ᠃ ᠬᠤᠰᠢᠭᠤᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠭᠡᠰᠢᠭᠦᠨ | ᠬᠤᠷᠠᠯ ᠳᠤ ᠣᠷᠣᠯᠴᠠᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠶᠦᠨᠨᠠᠨ᠂ ᠭᠦᠢᠵᠧᠦ ᠳᠤ ᠰᠢᠨᠵᠢᠯᠡᠨ ᠪᠠᠶᠢᠴᠠᠭᠠᠬᠤ ᠳᠠᠭᠠᠨ ᠲᠠᠯᠪᠢᠭᠰᠠᠨ ᠴᠢᠬᠤᠯᠠ ᠶᠠᠷᠢᠶ᠎ᠠ᠂ | ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ᠃ ᠬᠤᠷᠠᠯ ᠠᠴᠠ | ᠴᠢᠬᠤᠯᠠᠴᠢᠯᠠᠭᠰᠠᠨ ᠨᠢ᠂ ᠪᠥᠬᠦ ᠬᠤᠰᠢᠭᠤᠨ ᠤ ᠡᠬᠢ ᠪᠠᠶᠠᠯᠢᠭ ᠤᠨ ᠳᠠᠪᠠᠭᠤᠯᠢᠭ ᠪᠣᠯᠣᠨ ᠠᠵᠤ ᠦᠢᠯᠡᠰ ᠤᠨ ᠰᠠᠭᠤᠷᠢ ᠳᠤ ᠦᠨᠳᠦᠰᠦᠯᠡᠨ᠂ ᠤᠯᠠᠮᠵᠢᠯᠠᠯᠲᠤ ᠠᠵᠤ | ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ᠂ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠢ ᠪᠣᠶᠢᠵᠢᠭᠤᠯᠬᠤ᠂ ︽ᠲᠠᠯᠪᠢᠬᠤ ᠬᠠᠮᠢᠶᠠᠷᠬᠤ | ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠦᠨᠳᠦᠰᠦᠲᠡᠨ ᠤ ᠰᠣᠶᠣᠯ ᠢ ᠬᠠᠮᠠᠭᠠᠯᠠᠨ ᠤᠯᠠᠮᠵᠢᠯᠠᠬᠤ᠂ ᠠᠮᠢ ᠠᠬᠤᠢ ᠶᠢ ᠬᠠᠮᠠᠭᠠᠯᠠᠨ ᠰᠡᠷᠭᠦᠭᠡᠬᠦ ᠵᠡᠷᠭᠡ | ᠠᠵᠢᠯ ᠢ ᠰᠠᠶᠢᠲᠤᠷ ᠬᠢᠵᠦ᠂ ᠦᠨᠡᠨᠬᠦ ᠠᠳᠬᠤᠨ ᠪᠣᠳᠠᠲᠠᠢ ᠪᠠᠷ ᠠᠵᠢᠯᠯᠠᠵᠤ᠂ ᠦᠷᠭᠦᠯᠵᠢᠯᠡᠬᠦᠶᠢᠴᠡ ᠴᠢᠷᠮᠠᠶᠢᠬᠤ ᠬᠡᠷᠡᠭᠲᠡᠢ᠃ | ᠬᠤᠷᠠᠯ ᠠᠴᠠ︽ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠤᠨ ᠵᠣᠷᠢᠭ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠭᠰᠠᠨ ᠦᠷ᠎ᠡ ᠪᠦᠲᠦᠮᠵᠢ ᠪᠠ ᠲᠤᠷᠰᠢᠯᠭ᠎ᠠ︾᠂ ︽ᠨᠠᠢᠮᠠᠨ ᠵᠤᠷᠪᠤᠰ ᠲᠣᠭᠲᠠᠭᠠᠯ ᠳᠤᠮᠳᠠᠳᠤ ᠤᠯᠤᠰ ᠢ ᠬᠤᠪᠢᠷᠠᠭᠤᠯᠪᠠ︾ | ᠭᠡᠬᠦ ᠵᠣᠬᠢᠶᠠᠯ ᠢ ᠤᠯᠠᠮᠵᠢᠯᠠᠨ ᠰᠤᠷᠤᠯᠴᠠᠵᠤ᠂ ︽ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ | ᠰᠠᠨᠠᠭ᠎ᠠ ᠠᠴᠠ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ︾ ᠶᠢ ᠨᠡᠶᠢᠲᠡᠯᠡᠵᠡᠢ᠃ ᠬᠤᠷᠠᠯ ᠠᠴᠠ ᠴᠢᠬᠤᠯᠠᠴᠢᠯᠠᠭᠰᠠᠨ ᠨᠢ᠂ ᠬᠡᠷᠡᠭ ᠢᠶᠠᠷ ᠲᠣᠯᠢ ᠪᠣᠯᠭᠠᠵᠤ᠂ | ᠭᠦᠨᠵᠡᠭᠡᠢ ᠲᠤᠩᠭᠠᠨ ᠪᠣᠳᠣᠯᠬᠢᠯᠠᠵᠤ᠂ ᠠᠷᠢᠭᠤᠨ ᠴᠢᠬᠡᠴᠢ ᠶᠢᠨ ᠬᠤᠷᠢᠭ᠎ᠠ ᠱᠤᠭᠤᠮ ᠢ ᠪᠠᠲᠤ ᠰᠠᠬᠢᠵᠤ᠂ ᠬᠢᠨᠠᠯᠲᠠ ᠲᠠᠯᠪᠢᠵᠤ ᠰᠠᠬᠢᠯᠭ᠎ᠠ ᠪᠠᠲᠤ ᠶᠢ ᠬᠡᠷᠡᠭᠵᠢᠭᠦᠯᠬᠦ | ᠡᠷᠴᠢᠮ ᠢᠶᠠᠨ ᠴᠢᠩᠭᠠᠷᠠᠭᠤᠯᠵᠤ᠂ ᠡᠳᠦᠷ ᠲᠤᠳᠤᠮ ᠤᠨ ᠬᠢᠨᠠᠯᠲᠠ ᠪᠠᠨ ᠴᠢᠩᠭᠠᠳᠬᠠᠵᠤ᠂ ᠬᠢᠨᠠᠯᠲᠠ ᠲᠠᠯᠪᠢᠬᠤ ᠠᠷᠭ᠎ᠠ ᠶᠢᠨ ᠰᠢᠨ᠎ᠡ ᠶᠢ ᠡᠭᠦᠳᠬᠦ ᠬᠡᠷᠡᠭᠲᠡᠢ᠃ | ᠬᠤᠷᠠᠯ ᠠᠴᠠ︽ᠲᠤᠭ᠎ᠠ ᠪᠦᠷᠢᠳᠬᠡᠯ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠲᠤᠭ᠎ᠠ ᠪᠦᠷᠢᠳᠬᠡᠯ ᠤᠨ | ᠲᠤᠭ᠎ᠠ ᠪᠠᠷᠢᠮᠲᠠ ᠶᠢᠨ ᠦᠨᠡᠨ ᠪᠣᠳᠠᠲᠤ ᠴᠢᠨᠠᠷ ᠢ ᠳᠡᠭᠡᠭᠰᠢᠯᠡᠭᠦᠯᠬᠦ ᠲᠤᠬᠠᠢ ᠰᠠᠨᠠᠯ︾ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠪᠠ᠃ ᠬᠤᠷᠠᠯ ᠠᠴᠠ ᠱᠠᠭᠠᠷᠳᠠᠭᠰᠠᠨ ᠨᠢ᠂ ᠲᠤᠭ᠎ᠠ ᠪᠦᠷᠢᠳᠬᠡᠯ ᠤᠨ ᠠᠵᠢᠯ ᠤᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠬᠠᠤᠯᠢ ᠶᠣᠰᠣᠭᠠᠷ ᠲᠤᠭ᠎ᠠ | ᠪᠦᠷᠢᠳᠬᠡᠯ ᠤᠨ ᠤᠬᠠᠮᠰᠠᠷ ᠢᠶᠠᠨ ᠴᠢᠩᠭᠠᠳᠬᠠᠵᠤ᠂ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠤᠨ ᠭᠤᠣᠯ ᠴᠣᠭᠴᠠ ᠶᠢᠨ ᠦᠢᠯᠡᠳᠦᠯ ᠢ ᠰᠠᠶᠢᠲᠤᠷ | ᠪᠠᠳᠠᠷᠠᠭᠤᠯᠵᠤ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠨᠡᠬᠡᠮᠵᠢᠯᠡᠬᠦ ᠪᠠ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠬᠦ ᠬᠡᠷᠡᠭᠲᠡᠢ᠃ | ᠬᠤᠷᠠᠯ ᠳᠡᠭᠡᠷ᠎ᠡ᠂ ᠭᠤᠣᠯ ᠳᠤᠭᠤᠶᠢᠯᠠᠩ ᠤᠨ ᠪᠦᠷᠢᠯᠳᠦᠭᠦᠨ ᠨᠠᠷ ᠲᠣᠰ ᠪᠡᠶ᠎ᠡ ᠶᠢᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠤᠨ᠂ | ᠬᠡᠯᠪᠡᠷᠢᠴᠢ ᠦᠵᠡᠯ ᠢ ᠴᠡᠭᠴᠡᠯᠡᠨ ᠵᠠᠰᠠᠬᠤ ᠪᠠᠷ ᠭᠤᠣᠯᠯᠠᠭᠤᠯᠤᠨ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠯᠡᠬᠦ ᠶᠢᠨ ᠲᠥᠯᠥᠭᠡ ᠲᠤᠰᠬᠠᠢ ᠰᠡᠳᠦᠪ ᠢᠶᠠᠷ | ᠰᠤᠳᠤᠯᠤᠨ ᠶᠠᠷᠢᠯᠴᠠᠵᠤ ᠰᠣᠯᠢᠯᠴᠠᠪᠠ᠃ |