ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢᠨ ᠲᠥᠯᠥᠭᠡ᠂ ᠲᠠᠯ᠎ᠠ ᠨᠤᠲᠤᠭ ᠤᠨ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠠᠰᠠᠭᠤᠳᠠᠯ ᠢ ᠰᠢᠰᠲ᠋ᠧᠮ ᠲᠠᠢ | ᠰᠢᠢᠳᠪᠦᠷᠢᠯᠡᠬᠦ ᠳᠤ ᠬᠦᠴᠦ ᠨᠡᠮᠡᠷᠢᠯᠡᠵᠦ᠂ ᠤᠯᠠᠮᠵᠢᠯᠠᠯᠲᠤ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠵᠤ᠂ ᠰᠢᠨ᠎ᠡ ᠪᠠᠷᠭᠤ | ᠵᠡᠭᠦᠨ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠤᠨ ᠪᠤᠶᠢᠵᠢᠯᠲᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨ | ᠮᠡᠷᠭᠡᠵᠢᠯ ᠤᠨ ᠲᠥᠯᠥᠪᠯᠡᠭᠡ ᠶᠢᠨ ᠲᠦᠷᠦᠯ ᠵᠦᠢᠯ ᠢ ᠭᠤᠶᠤᠴᠢᠯᠠᠨ ᠮᠡᠳᠡᠭᠦᠯᠬᠦ ᠶᠠᠰᠤ ᠴᠢᠨᠠᠷ ᠢ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ | ᠲᠣᠮᠢᠯᠠᠭᠳᠠᠭᠰᠠᠳ ᠤᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠯᠠᠭ᠎ᠠ ᠶᠢ ᠭᠠᠷᠠᠭ ᠤᠨ ᠠᠵᠢᠯᠯᠠᠭ᠎ᠠ ᠲᠠᠢ | ᠤᠶᠠᠯᠳᠤᠭᠤᠯᠵᠤ᠂ 2025 ᠣᠨ ᠤ 6 ᠰᠠᠷ᠎ᠠ ᠶᠢᠨ 3 ᠤ ᠡᠳᠦᠷ᠂ ᠰᠢᠨ᠎ᠡ ᠪᠠᠷᠭᠤ ᠵᠡᠭᠦᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠤᠰᠤᠨ | ᠠᠰᠢᠭᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠰᠢᠨ᠎ᠡ ᠪᠠᠷᠭᠤ ᠵᠡᠭᠦᠨ ᠬᠤᠰᠢᠭᠤᠨ ᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠲᠠᠢ | ᠬᠠᠮᠲᠤᠷᠠᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠪᠠᠭ᠎ᠠ ᠠᠵᠤ ᠠᠬᠤᠶᠢᠯᠠᠯ ᠢ ᠮᠠᠭᠠᠳᠯᠠᠨ ᠲᠣᠭᠲᠠᠭᠠᠬᠤ᠂ ᠰᠢᠨᠵᠢᠯᠡᠬᠦ ᠤᠬᠠᠭᠠᠨ ᠮᠡᠷᠭᠡᠵᠢᠯ ᠤᠨ | ᠲᠥᠯᠥᠪᠯᠡᠭᠡ ᠶᠢᠨ ᠲᠦᠷᠦᠯ ᠵᠦᠢᠯ ᠢ ᠭᠤᠶᠤᠴᠢᠯᠠᠨ ᠮᠡᠳᠡᠭᠦᠯᠬᠦ ᠵᠢᠴᠢ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠢ ᠪᠣᠯᠪᠠᠰᠤᠷᠠᠭᠤᠯᠬᠤ | ᠠᠵᠢᠯᠯᠠᠭ᠎ᠠ ᠶᠢ ᠠᠮᠵᠢᠯᠲᠠ ᠲᠠᠢ ᠡᠷᠬᠢᠯᠡᠪᠡ᠃ ᠲᠣᠰ ᠤᠳᠠᠭᠠᠨ ᠤ ᠠᠵᠢᠯᠯᠠᠭ᠎ᠠ ᠳᠤ ᠡᠯ᠎ᠡ ᠬᠤᠯᠪᠣᠭᠳᠠᠯ ᠪᠦᠬᠦᠢ ᠠᠵᠤ ᠠᠬᠤᠶᠢᠯᠠᠯ ᠤᠨ ᠬᠠᠷᠢᠭᠤᠴᠠᠯᠭᠠᠲᠠᠨ᠂ ᠰᠢᠨᠵᠢᠯᠡᠬᠦ | ᠤᠬᠠᠭᠠᠨ ᠮᠡᠷᠭᠡᠵᠢᠯ ᠤᠨ ᠬᠠᠮᠢᠶᠠᠷᠤᠯᠲᠠ ᠶᠢᠨ ᠠᠵᠢᠯᠲᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠵᠡᠷᠭᠡ 40 ᠭᠠᠷᠤᠢ ᠬᠥᠮᠥᠨ ᠢ ᠤᠷᠢᠵᠤ | ᠣᠷᠣᠯᠴᠠᠭᠤᠯᠵᠠᠢ᠃ | ᠪᠣᠯᠪᠠᠰᠤᠷᠠᠭᠤᠯᠤᠯ ᠳᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠨᠢ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ᠂ | ᠢᠯᠠᠩᠭᠤᠶ᠎ᠠ ᠲᠠᠷᠢᠶᠠᠯᠠᠩ ᠮᠠᠯ ᠠᠵᠤ ᠠᠬᠤᠢ ᠶᠢᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠳᠤ ᠦᠵᠡᠭᠦᠯᠬᠦ ᠵᠠᠩᠭᠢᠯᠠᠭ᠎ᠠ ᠶᠢᠨ ᠦᠢᠯᠡᠳᠦᠯ ᠢ ᠴᠢᠩᠭᠠᠳᠬᠠᠪᠠ᠃ | ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠪᠠᠭ᠎ᠠ ᠠᠵᠤ ᠠᠬᠤᠶᠢᠯᠠᠯ ᠪᠣᠯ ᠰᠢᠨ᠎ᠡ ᠶᠢ ᠡᠭᠦᠳᠬᠦ ᠶᠢᠨ ᠰᠢᠨ᠎ᠡ ᠬᠦᠴᠦᠨ ᠮᠥᠨ ᠭᠡᠵᠦ ᠵᠢᠭᠠᠵᠤ | ᠭᠠᠷᠭᠠᠵᠤ᠂ ᠠᠵᠤ ᠠᠬᠤᠶᠢᠯᠠᠯ ᠤᠨ ᠢᠳᠡᠪᠬᠢᠲᠡᠢ ᠪᠠᠷ ᠭᠤᠶᠤᠴᠢᠯᠠᠨ ᠮᠡᠳᠡᠭᠦᠯᠵᠦ ᠮᠠᠭᠠᠳᠯᠠᠨ ᠲᠣᠭᠲᠠᠭᠠᠬᠤ ᠶᠢ ᠵᠣᠷᠢᠭᠵᠢᠭᠤᠯᠵᠤ᠂ ᠲᠤᠰ ᠪᠡᠶ᠎ᠡ ᠶᠢᠨ ᠰᠢᠨ᠎ᠡ ᠶᠢ | ᠡᠭᠦᠳᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠦᠷᠦᠯ ᠵᠦᠢᠯ ᠪᠣᠯ | ᠰᠢᠨ᠎ᠡ ᠶᠢ ᠡᠭᠦᠳᠬᠦ ᠡᠬᠢ ᠪᠠᠶᠠᠯᠢᠭ ᠢ ᠲᠥᠪᠯᠡᠷᠡᠭᠦᠯᠬᠦ᠂ ᠵᠠᠩᠭᠢᠯᠠᠭ᠎ᠠ ᠶᠢᠨ ᠮᠡᠷᠭᠡᠵᠢᠯ ᠢ ᠰᠢᠪᠲᠤᠯᠬᠤ ᠶᠢᠨ ᠴᠢᠬᠤᠯᠠ ᠭᠠᠷᠳᠠᠴᠠ ᠮᠥᠨ᠂ ᠡᠷᠬᠡᠪᠰᠢ ᠴᠢᠨᠠᠷ ᠰᠠᠶᠢᠲᠠᠢ | ᠭᠤᠶᠤᠴᠢᠯᠠᠨ ᠮᠡᠳᠡᠭᠦᠯᠬᠦ ᠬᠡᠷᠡᠭᠲᠡᠢ᠃ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠪᠣᠯ ᠬᠠᠷᠢᠨ ᠰᠢᠨᠵᠢᠯᠡᠬᠦ ᠤᠬᠠᠭᠠᠨ ᠮᠡᠷᠭᠡᠵᠢᠯ ᠪᠣᠯᠣᠨ ᠮᠠᠯᠴᠢᠨ | ᠲᠠᠷᠢᠶᠠᠴᠢᠨ ᠢ ᠬᠤᠯᠪᠣᠬᠤ ᠬᠥᠭᠦᠷᠭᠡ ᠮᠥᠨ᠂ ᠦᠢᠯᠡᠴᠢᠯᠡᠭᠡᠨ ᠤ ᠬᠢᠷᠢ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠬᠡᠷᠡᠭᠲᠡᠢ᠃ | ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ ᠮᠠᠭᠠᠳᠯᠠᠨ ᠲᠣᠭᠲᠠᠭᠠᠬᠤ ᠪᠣᠯᠪᠠᠰᠤᠷᠠᠭᠤᠯᠤᠯ ᠤᠨ | ᠭᠤᠭᠴᠤᠭ᠎ᠠ ᠳᠤ᠂ ᠲᠤᠰᠬᠠᠢ ᠮᠡᠷᠭᠡᠵᠢᠯᠲᠡᠨ ᠠᠴᠠ ᠮᠠᠭᠠᠳᠯᠠᠨ ᠲᠣᠭᠲᠠᠭᠠᠬᠤ ᠪᠠᠷᠢᠮᠵᠢᠶ᠎ᠠ᠂ ᠮᠡᠳᠡᠭᠦᠯᠬᠦ ᠶᠠᠪᠤᠴᠠ ᠵᠢᠴᠢ ᠮᠠᠲ᠋ᠧᠷᠢᠶᠠᠯ ᠤᠨ ᠪᠡᠯᠡᠳᠬᠡᠯ ᠤᠨ | ᠭᠤᠣᠯᠳᠠᠯᠭ᠎ᠠ ᠶᠢ ᠨᠠᠷᠢᠨ ᠲᠠᠶᠢᠯᠪᠤᠷᠢᠯᠠᠪᠠ᠃ ᠪᠣᠳᠠᠲᠤ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠴᠢᠳᠠᠪᠤᠷᠢ ᠶᠢᠨ | ᠦᠨᠡᠯᠡᠯᠲᠡ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠢᠶᠠᠷᠤᠯᠲᠠ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ | ᠬᠤᠪᠢᠷᠠᠭᠤᠯᠤᠯᠲᠠ ᠵᠡᠷᠭᠡ ᠲᠠᠯ᠎ᠠ ᠪᠠᠷ ᠬᠢ ᠪᠠᠶᠢᠩᠭᠤ ᠲᠣᠬᠢᠶᠠᠯᠳᠤᠳᠠᠭ ᠠᠰᠠᠭᠤᠳᠠᠯ ᠪᠠ ᠰᠢᠢᠳᠪᠦᠷᠢᠯᠡᠬᠦ ᠠᠷᠭ᠎ᠠ ᠶᠢ ᠵᠠᠳᠠᠯᠪᠠ᠃ ᠲᠠᠶᠢᠯᠪᠤᠷᠢᠯᠠᠯᠲᠠ ᠳᠤ ᠳᠤᠷᠠᠳᠤᠭᠰᠠᠨ | ᠨᠢ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ ᠮᠠᠭᠠᠳᠯᠠᠨ ᠲᠣᠭᠲᠠᠭᠠᠬᠤ ᠨᠢ ᠠᠵᠤ ᠠᠬᠤᠶᠢᠯᠠᠯ ᠤᠨ ᠭᠠᠶᠢᠯᠢ | ᠲᠠᠲᠠᠪᠤᠷᠢ ᠶᠢᠨ ᠬᠠᠷᠠᠭᠠᠯᠵᠠᠯ᠂ ᠡᠳ᠋ ᠤᠨ ᠵᠠᠰᠠᠭ ᠤᠨ ᠨᠥᠬᠦᠪᠦᠷᠢ ᠵᠡᠷᠭᠡ ᠲᠥᠷᠥ ᠶᠢᠨ ᠪᠣᠳᠣᠯᠭ᠎ᠠ ᠶᠢᠨ ᠳᠡᠮᠵᠢᠯᠭᠡ ᠣᠯᠬᠤ ᠳᠤ ᠠᠰᠢᠭᠲᠠᠢ ᠮᠥᠷᠲᠡᠭᠡᠨ ᠪᠠᠰᠠ ᠠᠵᠤ | ᠠᠬᠤᠶᠢᠯᠠᠯ ᠤᠨ ᠨᠠᠷᠠᠲᠤ ᠲᠥᠷᠥᠯ ᠲᠡᠮᠳᠡᠭᠲᠦ ᠶᠢᠨ ᠳᠦᠷᠢ ᠲᠥᠷᠬᠦ ᠶᠢ ᠳᠡᠭᠡᠭᠰᠢᠯᠡᠭᠦᠯᠵᠦ᠂ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠴᠢᠩᠭᠠᠷᠠᠭᠤᠯᠵᠤ | ᠴᠢᠳᠠᠨ᠎ᠠ᠃ | ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠪᠣᠯᠪᠠᠰᠤᠷᠠᠭᠤᠯᠤᠯ ᠳᠤ᠂ ᠤᠯᠤᠰ᠂ ᠥᠪᠡᠷᠲᠡᠭᠡᠨ | ᠵᠠᠰᠠᠬᠤ ᠣᠷᠣᠨ ᠪᠠ ᠬᠤᠲᠠ ᠶᠢᠨ ᠱᠠᠲᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠢᠯ ᠳᠤ ᠴᠢᠭᠯᠡᠭᠦᠯᠦᠨ᠂ ᠵᠦᠭᠯᠡᠭᠦᠷ ᠤᠨ | ᠲᠠᠶᠢᠯᠤᠮᠵᠢ᠂ ᠰᠡᠳᠦᠪ ᠰᠣᠩᠭᠤᠬᠤ ᠤᠬᠠᠭᠠᠯᠠᠭ᠎ᠠ᠂ ᠪᠣᠯᠣᠮᠵᠢᠲᠤ ᠨᠤᠲᠠᠯᠠᠯᠲᠠ ᠬᠢᠬᠦ ᠠᠴᠠ ᠠᠪᠤᠭᠠᠳ ᠭᠤᠶᠤᠴᠢᠯᠠᠨ ᠮᠡᠳᠡᠭᠦᠯᠬᠦ ᠪᠢᠴᠢᠭ ᠪᠢᠴᠢᠬᠦ ᠵᠢᠷᠤᠮᠵᠢᠯ ᠵᠡᠷᠭᠡ | ᠪᠥᠬᠦ ᠲᠠᠯ᠎ᠠ ᠶᠢᠨ ᠪᠣᠯᠪᠠᠰᠤᠷᠠᠭᠤᠯᠤᠯ ᠬᠢᠭᠰᠡᠨ ᠪᠠᠶᠢᠨ᠎ᠠ᠃ ᠲᠥᠷᠥᠯ ᠵᠦᠢᠯ ᠭᠤᠶᠤᠴᠢᠯᠠᠨ ᠮᠡᠳᠡᠭᠦᠯᠬᠦ ᠳᠡᠭᠡᠨ ᠣᠷᠣᠨ ᠨᠤᠲᠤᠭ ᠤᠨ ᠠᠵᠤ ᠦᠢᠯᠡᠰ ᠤᠨ ᠬᠡᠷᠡᠭᠴᠡᠭᠡ | ᠱᠠᠭᠠᠷᠳᠠᠯᠭ᠎ᠠ ᠪᠠ ᠬᠥᠭᠵᠢᠯᠲᠡ ᠶᠢᠨ ᠲᠥᠯᠦᠪᠵᠢᠭᠦᠯᠭᠡ ᠲᠠᠢ ᠨᠢᠭᠲᠠ ᠤᠶᠠᠯᠳᠤᠭᠤᠯᠵᠤ᠂ ᠰᠢᠨ᠎ᠡ ᠶᠢ ᠡᠭᠦᠳᠬᠦ ᠴᠢᠨᠠᠷ ᠪᠠ ᠬᠡᠷᠡᠭᠯᠡᠭᠡᠨ ᠤ ᠴᠢᠨᠠᠷ ᠢ ᠲᠣᠪᠤᠶᠢᠯᠭᠠᠨ᠂ | ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠬᠠᠮᠲᠤᠷᠠᠯᠴᠠᠭ᠎ᠠ ᠶᠢ ᠴᠢᠬᠤᠯᠠᠴᠢᠯᠠᠵᠤ᠂ ᠠᠵᠤ ᠠᠬᠤᠶᠢᠯᠠᠯ ᠳᠤ | ᠡᠷᠬᠢᠮ ᠨᠠᠨᠳᠢᠨ ᠯᠠᠪᠯᠠᠯᠲᠠ ᠬᠠᠩᠭᠠᠬᠤ ᠶᠢ ᠴᠢᠬᠤᠯᠠᠴᠢᠯᠠᠪᠠ᠃ | ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠪᠣᠯᠪᠠᠰᠤᠷᠠᠭᠤᠯᠤᠯ ᠤᠨ ᠠᠭᠤᠯᠭ᠎ᠠ ᠨᠢ ᠡᠯᠪᠡᠭ ᠪᠠᠶᠠᠯᠢᠭ ᠪᠥᠭᠡᠳ ᠪᠣᠳᠠᠲᠤ | ᠬᠡᠷᠡᠭᠴᠡᠭᠡ ᠲᠠᠢ ᠪᠠᠶᠢᠵᠤ᠂ ᠲᠠᠷᠢᠶᠠᠯᠠᠩ ᠮᠠᠯ ᠠᠵᠤ ᠠᠬᠤᠢ ᠶᠢᠨ ᠰᠢᠨ᠎ᠡ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ᠂ ᠰᠢᠨᠵᠢᠯᠡᠬᠦ ᠤᠬᠠᠭᠠᠨ ᠮᠡᠷᠭᠡᠵᠢᠯ ᠤᠨ | ᠦᠢᠯᠡᠴᠢᠯᠡᠭᠡᠨ ᠤ ᠠᠷᠭ᠎ᠠ ᠪᠠ ᠤᠷ᠎ᠠ ᠮᠡᠷᠭᠡᠵᠢᠯ᠂ ᠮᠠᠯᠵᠢᠬᠤ ᠲᠠᠷᠢᠶᠠᠯᠠᠬᠤ ᠣᠷᠣᠨ ᠤ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠶᠢᠨ ᠵᠢᠯᠣᠭᠤᠳᠤᠯᠭ᠎ᠠ ᠵᠡᠷᠭᠡ | ᠬᠠᠮᠤᠷᠠᠭᠳᠠᠨᠠ᠃ ᠡᠭᠦᠨ ᠤ ᠬᠠᠮᠲᠤ ᠣᠳᠣᠬᠠᠨ ᠤ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠳᠤ ᠲᠤᠯᠭᠠᠷᠠᠵᠤ ᠪᠠᠶᠢᠭ᠎ᠠ ᠥᠷᠢᠰᠦᠯᠳᠦᠭᠡᠨ ᠪᠠ ᠠᠵᠠ | ᠲᠣᠬᠢᠶᠠᠯ ᠢ ᠭᠦᠨᠵᠡᠭᠡᠢ ᠵᠠᠳᠠᠯᠤᠨ ᠰᠢᠨᠵᠢᠯᠡᠵᠦ᠂ ᠣᠶᠤᠨᠴᠢ ᠲᠡᠵᠢᠭᠡᠨ ᠦᠷᠡᠵᠢᠭᠦᠯᠬᠦ ᠲᠥᠬᠦᠭᠡᠷᠦᠮᠵᠢ ᠶᠢᠨ ᠬᠡᠷᠡᠭᠯᠡᠯᠲᠡ᠂ ᠪᠣᠬᠢᠷᠲᠤᠯ ᠦᠭᠡᠢ ᠳᠠᠷᠢᠬᠤ ᠮᠡᠷᠭᠡᠵᠢᠯ ᠵᠡᠷᠭᠡ | ᠬᠡᠷᠡᠭᠯᠡᠭᠡᠨ ᠤ ᠮᠡᠷᠭᠡᠵᠢᠯ ᠢ ᠲᠠᠨᠢᠯᠴᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠪᠣᠳᠠᠲᠠᠢ ᠦᠢᠯᠡᠴᠢᠯᠡᠭᠡ ᠳᠤ ᠪᠣᠯᠪᠠᠰᠤᠷᠠᠩᠭᠤᠢ | ᠡᠵᠡᠮᠰᠢᠬᠦ ᠶᠢᠨ ᠬᠠᠮᠲᠤ ᠬᠡᠷᠡᠭᠯᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ | ᠲᠣᠰ ᠤᠳᠠᠭᠠᠨ ᠤ ᠰᠢᠷᠢᠰ ᠪᠣᠯᠪᠠᠰᠤᠷᠠᠭᠤᠯᠤᠯ ᠤᠨ ᠠᠵᠢᠯᠯᠠᠭ᠎ᠠ ᠢᠯᠡᠳᠲᠡ ᠦᠷ᠎ᠡ ᠪᠦᠲᠦᠮᠵᠢ ᠣᠯᠵᠤ᠂ ᠬᠤᠷᠠᠯ ᠳᠤ ᠣᠷᠣᠯᠴᠠᠭᠰᠠᠳ ᠤᠨ ᠥᠨᠳᠥᠷ | ᠦᠨᠡᠯᠡᠯᠲᠡ ᠶᠢ ᠣᠯᠣᠭᠰᠠᠨ ᠪᠠᠶᠢᠨ᠎ᠠ᠃ ᠪᠣᠯᠪᠠᠰᠤᠷᠠᠭᠤᠯᠤᠯ ᠢᠶᠠᠷ ᠳᠡᠮᠵᠢᠨ᠂ ᠠᠵᠤ ᠠᠬᠤᠶᠢᠯᠠᠯ ᠤᠳ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ | ᠵᠢᠵᠢᠭ ᠠᠵᠤ ᠠᠬᠤᠶᠢᠯᠠᠯ ᠢ ᠮᠠᠭᠠᠳᠯᠠᠨ ᠲᠣᠭᠲᠠᠭᠠᠬᠤ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠢᠯ ᠢ ᠭᠤᠶᠤᠴᠢᠯᠠᠨ ᠮᠡᠳᠡᠭᠦᠯᠬᠦ | ᠲᠠᠯ᠎ᠠ ᠪᠠᠷ ᠭᠦᠨᠵᠡᠭᠡᠢ ᠣᠶᠢᠯᠠᠭᠠᠯᠲᠠ ᠲᠠᠢ ᠪᠣᠯᠵᠤ᠂ ᠭᠤᠶᠤᠴᠢᠯᠠᠨ ᠮᠡᠳᠡᠭᠦᠯᠬᠦ ᠴᠢᠳᠠᠪᠤᠷᠢ ᠪᠠ ᠢᠳᠡᠪᠬᠢᠵᠢᠯ ᠢᠶᠠᠨ ᠳᠡᠭᠡᠭᠰᠢᠯᠡᠭᠦᠯᠪᠡ᠃ ᠰᠢᠨᠵᠢᠯᠡᠬᠦ ᠤᠬᠠᠭᠠᠨ | ᠮᠡᠷᠭᠡᠵᠢᠯ ᠤᠨ ᠣᠨᠴᠠ ᠲᠣᠮᠢᠯᠠᠭᠳᠠᠭᠰᠠᠳ ᠮᠡᠳᠡᠯᠭᠡ ᠶᠢᠨ ᠬᠡᠪᠴᠢᠶ᠎ᠡ ᠪᠠᠨ ᠥᠷᠭᠡᠳᠬᠡᠵᠦ᠂ ᠦᠢᠯᠡᠴᠢᠯᠡᠭᠡᠨ ᠤ ᠤᠷ᠎ᠠ ᠴᠢᠳᠠᠪᠤᠷᠢ ᠪᠠ ᠬᠢᠷᠢ ᠬᠡᠮᠵᠢᠶ᠎ᠡ ᠪᠠᠨ | ᠳᠡᠭᠡᠭᠰᠢᠯᠡᠭᠦᠯᠦᠨ᠂ ᠮᠠᠯᠴᠢᠨ ᠲᠠᠷᠢᠶᠠᠴᠢᠳ ᠲᠤ ᠨᠠᠩ ᠰᠠᠶᠢᠲᠤᠷ ᠦᠢᠯᠡᠴᠢᠯᠡᠬᠦ᠂ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠶᠢ ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ | | | | | | | | | | | | | | | | | | | | | |