ᠪᠠᠶᠢᠴᠠᠭᠠᠬᠤ ᠪᠠᠷ ᠥᠭᠡᠷᠡᠴᠢᠯᠡᠨ ᠰᠠᠶᠢᠵᠢᠷᠠᠭᠤᠯᠬᠤ ᠶᠢ ᠠᠬᠢᠭᠤᠯᠵᠤ ᠬᠠᠤᠯᠢ ᠬᠡᠷᠡᠭᠵᠢᠭᠦᠯᠦᠯᠲᠡ ᠶᠢᠨ ᠵᠢᠷᠤᠮᠵᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ ︱ ᠬᠠᠨᠳᠠᠭᠠᠢ ᠶᠢᠨ ᠬᠠᠤᠯᠢ ᠴᠠᠭᠠᠵᠠ ᠶᠢᠨ ᠰᠠᠯᠪᠤᠷᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠲᠤᠰᠬᠠᠢ ᠬᠢᠨᠠᠯᠲᠠ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2025/6/3
          ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠬᠠᠤᠯᠢ ᠬᠡᠷᠡᠭᠵᠢᠭᠦᠯᠬᠦ ᠦᠢᠯᠡᠳᠦᠯ ᠴᠢᠳᠠᠪᠤᠷᠢ ᠪᠠ ᠵᠢᠷᠤᠮᠵᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ᠂ ᠰᠢᠨ᠎ᠡ ᠪᠠᠷᠭᠤ ᠵᠡᠭᠦᠨ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ᠬᠠᠨᠳᠠᠭᠠᠢ ᠶᠢᠨ ᠬᠠᠤᠯᠢ ᠴᠠᠭᠠᠵᠠ ᠶᠢᠨ ᠰᠠᠯᠪᠤᠷᠢ ᠬᠠᠨᠳᠠᠭᠠᠢ ᠶᠢᠨ ᠰᠤᠮᠤ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠶᠢᠨ ᠬᠡᠷᠡᠭ ᠤᠨ ᠡᠪᠬᠡᠮᠡᠯ ᠢ ᠦᠨᠡᠯᠡᠨ ᠪᠠᠶᠢᠴᠠᠭᠠᠬᠤ ᠵᠢᠴᠢ ᠬᠠᠤᠯᠢ ᠬᠡᠷᠡᠭᠵᠢᠭᠦᠯᠦᠯᠲᠡ ᠶᠢᠨ ᠲᠡᠮᠳᠡᠭᠯᠡᠯ ᠢ ᠬᠡᠷᠡᠭᠯᠡᠵᠦ ᠪᠠᠶᠢᠭ᠎ᠠ ᠪᠠᠶᠢᠳᠠᠯ ᠳᠤ ᠲᠤᠰᠬᠠᠢ ᠬᠢᠨᠠᠯᠲᠠ ᠪᠠᠶᠢᠴᠠᠭᠠᠯᠲᠠ ᠥᠷᠨᠢᠭᠦᠯᠵᠦ᠂ ︽ᠬᠡᠷᠡᠭ ᠤᠨ ᠡᠪᠬᠡᠮᠡᠯ ᠢ ᠪᠠᠶᠢᠴᠠᠭᠠᠬᠤ᠂ ᠲᠡᠮᠳᠡᠭᠯᠡᠯ ᠢ ᠦᠵᠡᠬᠦ᠂ ᠵᠢᠷᠤᠮᠵᠢᠯ ᠢ ᠠᠬᠢᠭᠤᠯᠬᠤ︾ ᠪᠠᠷ ᠭᠠᠷᠳᠠᠴᠠ ᠪᠣᠯᠭᠠᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠲᠠᠯᠪᠢᠬᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠪᠡ᠃          ᠨᠢᠭᠡ᠂ ᠬᠡᠷᠡᠭ ᠤᠨ ᠡᠪᠬᠡᠮᠡᠯ ᠢ ᠦᠨᠡᠯᠡᠨ ᠪᠠᠶᠢᠴᠠᠭᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠤᠯᠢ ᠬᠡᠷᠡᠭᠵᠢᠭᠦᠯᠬᠦ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠪᠠ          ᠬᠠᠤᠯᠢ ᠴᠠᠭᠠᠵᠠ ᠶᠢᠨ ᠰᠠᠯᠪᠤᠷᠢ ᠶᠢᠨ ᠠᠵᠢᠯᠲᠠᠳ ᠰᠤᠮᠤ ᠶᠢᠨ ᠬᠠᠤᠯᠢ ᠬᠡᠷᠡᠭᠵᠢᠭᠦᠯᠬᠦ ᠠᠩᠭᠢ ᠶᠢᠨ ᠣᠶᠢᠷ᠎ᠠ ᠶᠢᠨ ᠭᠤᠷᠪᠠᠨ ᠵᠢᠯ ᠤᠨ ᠲᠤᠷᠰᠢᠬᠢ ᠵᠠᠰᠠᠭ ᠵᠠᠬᠢᠷᠭᠠᠨ ᠤ ᠰᠢᠢᠳᠬᠡᠯ᠂ ᠵᠠᠰᠠᠭ ᠵᠠᠬᠢᠷᠭᠠᠨ ᠤ ᠪᠠᠶᠢᠴᠠᠭᠠᠯᠲᠠ ᠵᠡᠷᠭᠡ ᠬᠡᠷᠡᠭ ᠤᠨ ᠡᠪᠬᠡᠮᠡᠯ ᠢ ᠭᠤᠣᠯᠳᠠᠯᠭ᠎ᠠ ᠲᠠᠢ ᠰᠣᠩᠭᠤᠨ ᠠᠪᠴᠤ᠂ ᠬᠠᠤᠯᠢ ᠬᠡᠷᠡᠭᠵᠢᠭᠦᠯᠬᠦ ᠪᠡᠶᠡᠴᠢ ᠴᠣᠭᠴᠠ ᠶᠢᠨ ᠬᠠᠤᠯᠢ ᠶᠣᠰᠣᠴᠢ ᠴᠢᠨᠠᠷ᠂ ᠪᠣᠳᠠᠲᠤ ᠶᠠᠪᠤᠳᠠᠯ ᠢ ᠮᠠᠭᠠᠳᠯᠠᠨ ᠲᠣᠭᠲᠠᠭᠠᠬᠤ ᠣᠨᠣᠪᠴᠢᠲᠤ ᠴᠢᠨᠠᠷ᠂ ᠬᠠᠤᠯᠢ ᠴᠠᠭᠠᠵᠠ ᠶᠢᠨ ᠬᠡᠷᠡᠭᠯᠡᠯᠲᠡ ᠶᠢᠨ ᠣᠨᠣᠪᠴᠢᠲᠤ ᠴᠢᠨᠠᠷ᠂ ᠵᠢᠷᠤᠮ ᠤᠨ ᠭᠦᠢᠴᠡᠳᠭᠡᠯᠲᠡ ᠶᠢᠨ ᠪᠦᠷᠢᠨ ᠪᠦᠲᠦᠨ ᠴᠢᠨᠠᠷ᠂ ᠪᠢᠴᠢᠭ ᠬᠠᠷ᠎ᠠ ᠵᠣᠬᠢᠶᠠᠬᠤ ᠶᠢᠨ ᠵᠢᠷᠤᠮᠵᠢᠯᠳᠤ ᠴᠢᠨᠠᠷ ᠵᠡᠷᠭᠡ ᠲᠠᠯ᠎ᠠ ᠶᠢᠨ ᠲᠣᠭᠤᠷᠢᠨ ᠳᠤ ᠦᠨᠡᠯᠡᠨ ᠪᠠᠶᠢᠴᠠᠭᠠᠬᠤ ᠠᠵᠢᠯ ᠢ ᠥᠷᠨᠢᠭᠦᠯᠦᠨ᠎ᠡ᠃ ᠣᠯᠵᠤ ᠮᠡᠳᠡᠭᠰᠡᠨ ᠪᠢᠴᠢᠭ ᠬᠠᠷ᠎ᠠ ᠶᠢ ᠲᠠᠭᠯᠠᠭᠰᠠᠨ ᠨᠢ ᠵᠢᠷᠤᠮᠵᠢᠭᠤᠨ ᠪᠤᠰᠤ᠂ ᠭᠡᠷᠡᠴᠢ ᠪᠠᠷᠢᠮᠲᠠ ᠶᠢᠨ ᠮᠠᠲ᠋ᠧᠷᠢᠶᠠᠯ ᠨᠢ ᠪᠦᠷᠢᠨ ᠪᠤᠰᠤ ᠵᠡᠷᠭᠡ ᠠᠰᠠᠭᠤᠳᠠᠯ ᠳᠤ ᠴᠢᠭᠯᠡᠭᠦᠯᠦᠨ᠂ ᠲᠤᠬᠠᠢ ᠶᠢᠨ ᠲᠠᠯᠠᠪᠤᠷ ᠲᠤ ᠬᠠᠤᠯᠢ ᠬᠡᠷᠡᠭᠵᠢᠭᠦᠯᠬᠦ ᠠᠩᠭᠢ ᠶᠢᠨ ᠭᠡᠰᠢᠭᠦᠳ ᠲᠠᠢ ᠨᠡᠪᠲᠡᠷᠡᠯᠴᠡᠨ ᠬᠠᠷᠢᠭᠤ ᠲᠤᠰᠬᠠᠵᠤ᠂ ᠠᠰᠠᠭᠤᠳᠠᠯ ᠤᠨ ᠲᠣᠳᠣᠷᠬᠠᠢ ᠬᠠᠭᠤᠳᠠᠰᠤ ᠶᠢ ᠪᠦᠷᠢᠯᠳᠦᠭᠦᠯᠬᠦ ᠶᠢᠨ ᠬᠠᠮᠲᠤ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠶᠢ ᠱᠠᠭᠠᠷᠳᠠᠵᠤ᠂ ᠬᠡᠷᠡᠭ ᠤᠨ ᠡᠪᠬᠡᠮᠡᠯ ᠤᠨ ︽ᠲᠤᠩᠭᠠᠨ ᠪᠣᠳᠣᠯᠬᠢᠯᠠᠬᠤ ᠶᠢ ᠳᠠᠭᠠᠭᠠᠵᠤ ᠳᠡᠶᠢᠯᠬᠦ᠂ ᠵᠢᠷᠤᠮᠵᠢᠯ ᠢ ᠰᠠᠬᠢᠵᠤ ᠳᠡᠶᠢᠯᠬᠦ︾ ᠶᠢ ᠦᠨᠡᠨ ᠬᠦ ᠪᠠᠲᠤᠯᠠᠬᠤ ᠬᠡᠷᠡᠭᠲᠡᠢ᠃          ᠬᠤᠶᠠᠷ᠂ ᠬᠠᠤᠯᠢ ᠬᠡᠷᠡᠭᠵᠢᠭᠦᠯᠦᠭᠰᠡᠨ ᠲᠡᠮᠳᠡᠭᠯᠡᠯ ᠢ ᠴᠢᠩᠭ᠎ᠠ ᠪᠠᠶᠢᠴᠠᠭᠠᠵᠤ᠂ ᠪᠥᠬᠦ ᠶᠠᠪᠤᠴᠠ ᠳᠤ ᠬᠢᠨᠠᠯᠲᠠ ᠲᠠᠯᠪᠢᠬᠤ ᠶᠢ ᠴᠢᠩᠭᠠᠷᠠᠭᠤᠯᠤᠨ᠎ᠠ          ᠬᠠᠤᠯᠢ ᠬᠡᠷᠡᠭᠵᠢᠭᠦᠯᠬᠦ ᠲᠡᠮᠳᠡᠭᠯᠡᠯ ᠤᠨ ᠮᠠᠰᠢᠨ ᠤ ᠲᠠᠭᠤ ᠳᠦᠷᠰᠦ ᠰᠢᠩᠭᠡᠭᠡᠯᠲᠡ ᠶᠢᠨ ᠮᠠᠲ᠋ᠧᠷᠢᠶᠠᠯ ᠢ ᠠᠪᠴᠤ ᠦᠵᠡᠬᠦ ᠪᠠᠷ ᠳᠠᠮᠵᠢᠭᠤᠯᠤᠨ᠂ ᠰᠤᠮᠤ ᠶᠢᠨ ᠬᠠᠤᠯᠢ ᠬᠡᠷᠡᠭᠵᠢᠭᠦᠯᠬᠦ ᠠᠩᠭᠢ ᠶᠢᠨ ᠡᠳᠦᠷ ᠲᠤᠲᠤᠮ ᠤᠨ ᠲᠣᠭᠤᠷᠢᠨ ᠪᠠᠶᠢᠴᠠᠭᠠᠬᠤ᠂ ᠲᠤᠬᠠᠢ ᠶᠢᠨ ᠲᠠᠯᠠᠪᠤᠷ ᠲᠤ ᠰᠢᠢᠳᠪᠦᠷᠢᠯᠡᠬᠦ᠂ ᠪᠢᠴᠢᠭ ᠬᠠᠷ᠎ᠠ ᠬᠦᠷᠭᠡᠬᠦ ᠵᠡᠷᠭᠡ ᠬᠠᠤᠯᠢ ᠬᠡᠷᠡᠭᠵᠢᠭᠦᠯᠬᠦ ᠭᠤᠭᠴᠤᠭ᠎ᠠ ᠳᠤ ᠨᠡᠶᠢᠳᠡᠮ ᠪᠠᠶᠢᠴᠠᠭᠠᠯᠲᠠ ᠬᠢᠵᠦ᠂ ᠬᠠᠤᠯᠢ ᠬᠡᠷᠡᠭᠵᠢᠭᠦᠯᠬᠦ ᠲᠡᠮᠳᠡᠭᠯᠡᠯ ᠤᠨ ᠮᠠᠰᠢᠨ ᠤ ᠪᠥᠬᠦ ᠶᠠᠪᠤᠴᠠ ᠶᠢ ᠨᠡᠭᠡᠭᠡᠭᠰᠡᠨ ᠡᠰᠡᠬᠦ᠂ ᠲᠡᠮᠳᠡᠭᠯᠡᠭᠰᠡᠨ ᠠᠭᠤᠯᠭ᠎ᠠ ᠨᠢ ᠲᠣᠳᠣᠷᠬᠠᠢ ᠪᠥᠭᠡᠳ ᠪᠦᠷᠢᠨ ᠪᠦᠲᠦᠨ ᠪᠠᠶᠢᠬᠤ ᠡᠰᠡᠬᠦ᠂ ᠲᠤᠬᠠᠢ ᠶᠢᠨ ᠲᠠᠯᠠᠪᠤᠷ ᠲᠤ ᠬᠠᠤᠯᠢ ᠬᠡᠷᠡᠭᠵᠢᠭᠦᠯᠬᠦ ᠦᠭᠡ ᠬᠡᠯᠡ ᠨᠢ ᠵᠢᠷᠤᠮᠵᠢᠭᠤᠨ ᠪᠣᠯᠪᠠᠰᠤᠨ ᠪᠠᠶᠢᠬᠤ ᠡᠰᠡᠬᠦ᠂ ᠲᠠᠰ ᠳᠠᠷᠠᠭᠠᠯᠠᠯ ᠢ ᠭᠦᠢᠴᠡᠳᠬᠡᠭᠰᠡᠨ ᠨᠢ ᠬᠠᠤᠯᠢ ᠪᠠᠷ ᠲᠣᠭᠲᠠᠭᠠᠭᠰᠠᠨ ᠱᠠᠭᠠᠷᠳᠠᠯᠭ᠎ᠠ ᠳᠤ ᠨᠡᠶᠢᠴᠡᠬᠦ ᠡᠰᠡᠬᠦ ᠵᠡᠷᠭᠡ ᠶᠢ ᠭᠤᠣᠯᠳᠠᠯᠭ᠎ᠠ ᠲᠠᠢ ᠪᠠᠶᠢᠴᠠᠭᠠᠨ ᠦᠵᠡᠬᠦ ᠬᠡᠷᠡᠭᠲᠡᠢ᠃ ᠪᠠᠶᠢᠴᠠᠭᠠᠯᠲᠠ ᠪᠠᠷ ᠣᠯᠵᠤ ᠮᠡᠳᠡᠭᠰᠡᠨ ᠨᠢ᠂ ᠣᠯᠠᠩᠬᠢ ᠲᠣᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠬᠠᠤᠯᠢ ᠬᠡᠷᠡᠭᠵᠢᠭᠦᠯᠬᠦ ᠲᠡᠮᠳᠡᠭᠯᠡᠯ ᠤᠨ ᠪᠠᠭᠠᠵᠢ ᠶᠢ ᠵᠢᠷᠤᠮᠵᠢᠭᠤᠯᠤᠨ ᠬᠡᠷᠡᠭᠯᠡᠵᠦ ᠳᠡᠶᠢᠯᠬᠦ ᠪᠣᠯᠪᠠᠴᠤ ᠣᠨᠴᠠ ᠵᠠᠷᠢᠮ ᠲᠡᠮᠳᠡᠭᠯᠡᠯ ᠤᠨ ᠬᠠᠷᠠᠭᠠᠰᠤ ᠶᠢᠨ ᠵᠥᠷᠢᠶ᠎ᠡ᠂ ᠬᠡᠷᠡᠭ ᠤᠨ ᠲᠡᠮᠳᠡᠭᠯᠡᠯ ᠪᠦᠷᠢᠨ ᠪᠤᠰᠤ ᠵᠡᠷᠭᠡ ᠠᠰᠠᠭᠤᠳᠠᠯ ᠣᠷᠣᠰᠢᠵᠤ᠂ ᠨᠢᠭᠡᠨᠲᠡ ᠲᠤᠬᠠᠢ ᠶᠢᠨ ᠲᠠᠯᠠᠪᠤᠷ ᠲᠤ ᠬᠤᠯᠪᠣᠭᠳᠠᠯ ᠪᠦᠬᠦᠢ ᠬᠥᠮᠥᠰ ᠢ ᠵᠠᠷᠯᠢᠭᠳᠠᠨ ᠴᠡᠭᠴᠡᠯᠡᠨ ᠥᠭᠡᠷᠡᠴᠢᠯᠡᠭᠦᠯᠦᠭᠰᠡᠨ ᠪᠥᠭᠡᠳ ᠬᠠᠤᠯᠢ ᠬᠡᠷᠡᠭᠵᠢᠭᠦᠯᠬᠦ ᠲᠡᠮᠳᠡᠭᠯᠡᠯ ᠤᠨ ᠪᠠᠭᠠᠵᠢ ᠶᠢ ︽ᠰᠢᠯᠵᠢᠮᠡᠯ ᠬᠢᠨᠠᠯᠲᠠ ᠲᠠᠯᠪᠢᠬᠤ ᠠᠵᠢᠯ ᠤᠨ ᠪᠠᠶᠢᠷᠢ︾ ᠪᠣᠯᠭᠠᠬᠤ ᠶᠢᠨ ᠴᠢᠬᠤᠯᠠ ᠴᠢᠨᠠᠷ ᠢ ᠴᠢᠬᠤᠯᠠᠴᠢᠯᠠᠵᠤ᠂ ︽ᠬᠠᠤᠯᠢ ᠬᠡᠷᠡᠭᠵᠢᠭᠦᠯᠬᠦ ᠳᠤ ᠵᠠᠪᠠᠯ ᠲᠡᠮᠳᠡᠭᠯᠡᠬᠦ︾ ᠳᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠱᠠᠭᠠᠷᠳᠠᠪᠠ᠃          ᠭᠤᠷᠪᠠ᠂ ᠪᠠᠶᠢᠴᠠᠭᠠᠬᠤ ᠪᠠᠷ ᠥᠭᠡᠷᠡᠴᠢᠯᠡᠨ ᠰᠠᠶᠢᠵᠢᠷᠠᠭᠤᠯᠬᠤ ᠶᠢ ᠠᠬᠢᠭᠤᠯᠵᠤ ᠶᠠᠰᠤ ᠴᠢᠨᠠᠷ ᠢ ᠳᠡᠭᠡᠭᠰᠢᠯᠡᠭᠦᠯᠵᠦ᠂ ᠬᠠᠤᠯᠢ ᠬᠡᠷᠡᠭᠵᠢᠭᠦᠯᠦᠯᠲᠡ ᠶᠢᠨ ᠵᠢᠷᠦᠮᠵᠢᠯᠲᠡ ᠶᠢᠨ ᠰᠠᠭᠤᠷᠢ ᠶᠢ ᠪᠠᠲᠤᠳᠬᠠᠪᠠ          ᠲᠣᠰ ᠤᠳᠠᠭᠠᠨ ᠤ ᠬᠢᠨᠠᠯᠲᠠ ᠪᠠᠶᠢᠴᠠᠭᠠᠯᠲᠠ ᠳᠤ ︽ᠠᠰᠠᠭᠤᠳᠠᠯ ᠢᠶᠠᠷ ᠤᠳᠤᠷᠢᠳᠤᠮᠵᠢ ᠪᠣᠯᠭᠠᠵᠤ᠂ ᠲᠡᠷᠡ ᠳᠠᠷᠤᠢ ᠳᠤᠨᠢ ᠬᠡᠷᠡᠭᠵᠢᠭᠦᠯᠵᠦ ᠲᠡᠷᠡ ᠳᠠᠷᠤᠢ  ᠳᠤᠨᠢ ᠥᠭᠡᠷᠡᠴᠢᠯᠡᠬᠦ︾ ᠵᠠᠷᠴᠢᠮ ᠢ ᠪᠠᠷᠢᠮᠲᠠᠯᠠᠨ᠂ ᠬᠠᠤᠯᠢ ᠴᠠᠭᠠᠵᠠ ᠶᠢᠨ ᠰᠠᠯᠪᠤᠷᠢ ᠪᠣᠯᠣᠨ ᠰᠤᠮᠤ ᠶᠢᠨ ᠬᠠᠤᠯᠢ ᠬᠡᠷᠡᠭᠵᠢᠭᠦᠯᠬᠦ ᠠᠩᠭᠢ ᠲᠤᠰᠬᠠᠢ ᠰᠡᠳᠦᠪᠲᠦ ᠬᠠᠷᠢᠭᠤ ᠲᠤᠰᠬᠠᠬᠤ ᠬᠤᠷᠠᠯ ᠬᠤᠷᠠᠯᠳᠤᠭᠤᠯᠵᠤ᠂ ᠦᠨᠡᠯᠡᠨ ᠪᠠᠶᠢᠴᠠᠭᠠᠭᠰᠠᠨ ᠦᠷ᠎ᠡ ᠳ᠋ᠦᠩ ᠢ ᠵᠠᠷᠯᠠᠨ ᠮᠡᠳᠡᠭᠳᠡᠵᠦ᠂ ᠠᠰᠠᠭᠤᠳᠠᠯ ᠤᠨ ᠪᠣᠶ ᠪᠣᠯᠤᠭᠰᠠᠨ ᠰᠢᠯᠲᠠᠭᠠᠨ ᠢ ᠵᠠᠳᠠᠯᠤᠨ ᠰᠢᠨᠵᠢᠯᠡᠵᠦ᠂ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠳᠤᠷᠠᠳᠪᠠ᠄          ᠨᠢᠭᠡ ᠳᠤ ᠬᠠᠤᠯᠢ ᠬᠡᠷᠡᠭᠵᠢᠭᠦᠯᠬᠦ ᠠᠵᠢᠯᠲᠠᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠴᠢᠩᠭᠠᠳᠬᠠᠵᠤ᠂ ᠬᠡᠷᠡᠭ ᠤᠨ ᠡᠪᠬᠡᠮᠡᠯ ᠢ ᠦᠢᠯᠡᠳᠬᠦ᠂ ᠬᠠᠤᠯᠢ ᠬᠡᠷᠡᠭᠵᠢᠭᠦᠯᠬᠦ ᠲᠡᠮᠳᠡᠭᠯᠡᠯ ᠢ ᠬᠡᠷᠡᠭᠯᠡᠬᠦ ᠵᠡᠷᠭᠡ ᠲᠤᠰᠬᠠᠢ ᠰᠡᠳᠦᠪᠲᠦ ᠰᠤᠷᠤᠯᠴᠠᠯᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠬᠠᠤᠯᠢ ᠬᠡᠷᠡᠭᠵᠢᠭᠦᠯᠬᠦ ᠴᠢᠳᠠᠪᠤᠷᠢ ᠶᠢ ᠳᠡᠭᠡᠭᠰᠢᠯᠡᠭᠦᠯᠦᠨ᠎ᠡ︔          ᠬᠤᠶᠠᠷ ᠲᠤ᠂ ︽ᠥᠪᠡᠰᠦᠪᠡᠨ ᠪᠠᠶᠢᠴᠠᠭᠠᠬᠤ + ᠬᠠᠷᠢᠯᠴᠠᠨ ᠪᠠᠶᠢᠴᠠᠭᠠᠬᠤ + ᠰᠢᠪᠠᠳᠠᠨ ᠪᠠᠶᠢᠴᠠᠭᠠᠬᠤ︾ ᠪᠠᠶᠢᠩᠭᠤ ᠶᠢᠨ ᠲᠣᠭᠲᠠᠴᠠ ᠶᠢ ᠪᠠᠶᠢᠭᠤᠯᠵᠤ᠂ ᠬᠠᠤᠯᠢ ᠬᠡᠷᠡᠭᠵᠢᠭᠦᠯᠬᠦ ᠠᠩᠭᠢ ᠰᠠᠷ᠎ᠠ ᠪᠦᠷᠢ ᠳᠣᠲᠣᠭᠠᠳᠤ ᠳᠠᠭᠠᠨ ᠥᠪᠡᠰᠦᠪᠡᠨ ᠪᠠᠶᠢᠴᠠᠭᠠᠬᠤ᠂ ᠬᠠᠤᠯᠢ ᠴᠠᠭᠠᠵᠠ ᠶᠢᠨ ᠰᠠᠯᠪᠤᠷᠢ ᠶᠢᠨ ᠤᠯᠠᠷᠢᠯ ᠳᠤ ᠮᠥᠷᠳᠡᠨ ᠳᠠᠬᠢᠨ ᠪᠠᠶᠢᠴᠠᠭᠠᠬᠤ ᠶᠢ ᠥᠷᠨᠢᠭᠦᠯᠵᠦ᠂ ᠬᠢᠨᠠᠯᠲᠠ ᠲᠠᠯᠪᠢᠬᠤ ᠪᠢᠲᠡᠭᠦᠦ ᠴᠠᠭᠠᠷᠢᠭ ᠢ ᠪᠣᠶ ᠪᠣᠯᠭᠠᠨ᠎ᠠ︔          ᠭᠤᠷᠪᠠ ᠳᠤ᠂ ᠬᠠᠤᠯᠢ ᠬᠡᠷᠡᠭᠵᠢᠭᠦᠯᠦᠯᠲᠡ ᠶᠢᠨ ᠳᠠᠩᠰᠠ ᠡᠪᠬᠡᠮᠡᠯ ᠤᠨ ᠬᠠᠮᠢᠶᠠᠷᠤᠯᠲᠠ ᠶᠢ ᠲᠡᠭᠦᠯᠳᠡᠷᠵᠢᠭᠦᠯᠵᠦ᠂ ᠠᠰᠠᠭᠤᠳᠠᠯ ᠲᠠᠢ ᠬᠡᠷᠡᠭ ᠤᠨ ᠡᠪᠬᠡᠮᠡᠯ ᠳᠤ ︽ᠨᠣᠮᠧᠷ ᠢ ᠨᠢ ᠬᠠᠰᠤᠵᠤ ᠴᠡᠭᠴᠡᠯᠡᠨ ᠰᠠᠶᠢᠵᠢᠷᠠᠭᠤᠯᠬᠤ︾ ᠶᠢ ᠬᠡᠷᠡᠭᠵᠢᠭᠦᠯᠵᠦ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠨ᠎ᠠ᠃          ᠳᠠᠷᠠᠭᠠᠴᠢ ᠶᠢᠨ ᠠᠯᠬᠤᠮ ᠳᠤ᠂ ᠬᠠᠨᠳᠠᠭᠠᠢ ᠶᠢᠨ ᠬᠠᠤᠯᠢ ᠴᠠᠭᠠᠵᠠ ᠵᠢᠨᠰᠠᠯᠪᠤᠷᠢ ᠶᠢᠨ ᠬᠢᠨ ᠴᠡᠭᠴᠡᠯᠡᠨ ᠰᠠᠶᠢᠵᠢᠷᠠᠭᠤᠯᠬᠤ ᠠᠬᠢᠴᠠ ᠶᠢ ᠦᠷᠭᠦᠯᠵᠢᠯᠡᠨ ᠳᠠᠭᠠᠵᠤ᠂ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠪᠠᠶᠢᠴᠠᠭᠠᠯᠲᠠ ᠪᠠᠷ ᠠᠵᠠ ᠲᠣᠬᠢᠶᠠᠯ ᠪᠣᠯᠭᠠᠵᠤ᠂ ᠰᠤᠮᠤ ᠶᠢᠨ ᠬᠠᠤᠯᠢ ᠬᠡᠷᠡᠭᠵᠢᠭᠦᠯᠬᠦ ᠠᠩᠭᠢ ᠶᠢᠨ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠵᠢᠷᠤᠮᠵᠢᠭᠤᠯᠬᠤ᠂ ᠤᠯᠠᠨ ᠢ ᠢᠲᠡᠭᠡᠭᠦᠯᠬᠦ ᠬᠦᠴᠦᠨ ᠢ ᠳᠡᠭᠡᠭᠰᠢᠯᠡᠭᠦᠯᠬᠦ ᠶᠢ ᠠᠬᠢᠭᠤᠯᠵᠤ᠂ ᠦᠨᠳᠦᠰᠦᠨ ᠱᠠᠲᠤᠨ ᠤ ᠬᠠᠤᠯᠢᠵᠢᠯ ᠤᠨ ᠪᠠᠶᠢᠭᠤᠯᠤᠯᠲᠠ ᠳᠤ ᠪᠠᠲᠤ ᠪᠠᠬᠢ ᠰᠠᠭᠤᠷᠢ ᠲᠠᠯᠪᠢᠵᠤ ᠥᠭᠭᠦᠨ᠎ᠡ᠃ 
7.jpg
8.jpg
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ