6 ᠰᠠᠷ᠎ᠠ ᠶᠢᠨ 5 ᠤ ᠡᠳᠦᠷ ᠠᠴᠠ ᠡᠬᠢᠯᠡᠨ ᠨᠢᠰᠬᠡᠯ ᠤᠨ ᠪᠢᠯᠧᠲ ᠤᠨ ᠰᠢᠲᠠᠭᠠᠯᠭ᠎ᠠ ᠶᠢᠨ ᠲᠣᠰᠣᠨ ᠤ ᠨᠡᠮᠡᠯᠲᠡ ᠰᠤᠶᠢᠳᠭᠡᠯ ᠢ ᠳᠣᠷᠣᠭᠰᠢᠯᠠᠭᠤᠯᠤᠨ᠎ᠠ︕
ᠨᠡᠶᠢᠲᠡᠯᠡᠭᠰᠡᠨ ᠴᠠᠭ᠄
2025/6/3
          ᠰᠤᠷᠪᠤᠯᠵᠢᠯᠠᠭᠴᠢ ᠣᠯᠠᠨ ᠠᠭᠠᠷ ᠤᠨ ᠠᠶᠠᠯᠠᠯ ᠤᠨ ᠺᠣᠮᠫᠠᠨᠢ ᠠᠴᠠ ᠣᠶᠢᠯᠠᠭᠠᠭᠰᠠᠨ ᠢᠶᠠᠷ᠂ 2025 ᠣᠨ ᠤ 6 ᠰᠠᠷ᠎ᠠ ᠶᠢᠨ 5 ᠤ ᠡᠳᠦᠷ ᠠᠴᠠ ᠡᠬᠢᠯᠡᠨ ᠤᠯᠤᠰ ᠤᠨ ᠳᠣᠲᠣᠭᠠᠳᠤ ᠶᠢᠨ ᠠᠭᠠᠷ ᠤᠨ ᠠᠶᠠᠯᠠᠯ ᠤᠨ ᠠᠶᠠᠨᠴᠢᠳ ᠤᠨ ᠲᠡᠭᠡᠭᠡᠪᠦᠷᠢ ᠶᠢᠨ ᠰᠢᠲᠠᠭᠠᠯᠭ᠎ᠠ ᠶᠢᠨ ᠲᠣᠰᠣᠨ ᠤ ᠨᠡᠮᠡᠯᠲᠡ ᠰᠤᠶᠢᠳᠬᠡᠯ ᠲᠠᠲᠠᠪᠤᠷᠢᠯᠠᠬᠤ ᠪᠠᠷᠢᠮᠵᠢᠶ᠎ᠠ ᠳᠤ ᠲᠣᠬᠢᠷᠠᠭᠤᠯᠤᠯᠲᠠ ᠬᠢᠨ᠎ᠠ᠃          ᠡᠭᠦᠨ ᠳᠤ᠄          ·800 ᠺᠢᠯᠣᠮᠧᠲᠷ ︵ᠪᠠᠭᠲᠠᠨ᠎ᠠ︶ ᠠᠴᠠ ᠳᠣᠷᠣᠭᠰᠢᠬᠢ ᠠᠭᠠᠷ ᠤᠨ ᠠᠶᠠᠯᠠᠯ ᠤᠨ ᠱᠤᠭᠤᠮ ᠳᠤ ᠨᠠᠰᠤᠨ ᠳᠤ ᠭᠦᠷᠦᠭᠰᠡᠨ ᠠᠶᠠᠨᠴᠢᠳ ᠠᠴᠠ ᠰᠢᠲᠠᠭᠠᠯᠭ᠎ᠠ ᠶᠢᠨ ᠲᠣᠰᠣᠨ ᠤ ᠨᠡᠮᠡᠯᠲᠡ ᠰᠦᠢᠳᠬᠡᠯ ᠬᠤᠷᠢᠶᠠᠬᠤ ᠦᠭᠡᠶ︔          ·800 ᠺᠢᠯᠣᠮᠧᠲᠷ ᠠᠴᠠ ᠳᠡᠭᠡᠭᠰᠢᠬᠢ ᠠᠭᠠᠷ ᠤᠨ ᠠᠶᠠᠯᠠᠯ ᠤᠨ ᠱᠤᠭᠤᠮ ᠳᠤ ᠨᠠᠰᠤᠨ ᠳᠤ ᠭᠦᠷᠦᠭᠰᠡᠨ ᠠᠶᠠᠨᠴᠢᠳ ᠨᠢᠭᠡᠪᠦᠷᠢ ᠠᠴᠠ 10 ᠲᠥᠭᠦᠷᠢᠭ ᠤᠨ ᠰᠢᠲᠠᠭᠠᠯᠭ᠎ᠠ ᠶᠢᠨ ᠲᠣᠰᠣᠨ ᠤ ᠨᠡᠮᠡᠯᠲᠡ ᠰᠦᠢᠳᠬᠡᠯ ᠬᠤᠷᠢᠶᠠᠨ᠎ᠡ᠂ ᠡᠭᠦᠨ ᠢ ᠲᠣᠬᠢᠷᠠᠭᠤᠯᠤᠯᠲᠠ ᠬᠢᠬᠦ ᠠᠴᠠ ᠡᠮᠦᠨᠡᠬᠢ ᠲᠠᠢ ᠬᠠᠷᠢᠴᠠᠭᠤᠯᠪᠠᠯ 10 ᠲᠥᠭᠦᠷᠢᠭ ᠪᠠᠭᠤᠷᠠᠭᠰᠠᠨ ᠪᠠᠶᠢᠨ᠎ᠠ᠃
ᠢᠷᠡᠯᠲᠡ᠄ ᠠᠷᠠᠳ ᠤᠨ ᠰᠦᠯᠵᠢᠶ᠎ᠡ