ᠡᠨᠡ ᠬᠤᠶᠠᠷ ᠡᠳᠦᠷ ᠡᠭᠦᠰᠴᠦ ᠮᠡᠳᠡᠨ᠎ᠡ ᠁
ᠨᠡᠶᠢᠲᠡᠯᠡᠭᠰᠡᠨ ᠴᠠᠭ᠄
2025/6/3
          ᠳᠤᠮᠳᠠᠳᠤ ᠤᠯᠤᠰ ᠤᠨ ᠴᠠᠭ ᠠᠭᠤᠷ ᠤᠨ ᠲᠣᠪᠴᠢᠶ᠎ᠠ ᠶᠢᠨ ᠤᠯᠤᠰ ᠤᠨ ᠣᠭᠲᠠᠷᠭᠤᠢ ᠶᠢᠨ ᠴᠠᠭ ᠠᠭᠤᠷ ᠤᠨ ᠬᠢᠨᠠᠨ ᠬᠡᠮᠵᠢᠯᠲᠡ ᠶᠢᠨ ᠤᠷᠢᠳᠴᠢᠯᠠᠨ ᠰᠡᠷᠡᠮᠵᠢᠯᠡᠭᠦᠯᠬᠦ ᠲᠥᠪ ᠤᠨ ᠬᠢᠨ ᠤ ᠵᠢᠱᠢᠯᠲᠡ ᠪᠠᠷ᠂ ᠣᠶᠢᠷ᠎ᠠ ᠶᠢᠨ ᠭᠤᠷᠪᠠᠨ ᠡᠳᠦᠷ ᠲᠤ ᠳᠡᠯᠡᠬᠡᠢ ᠶᠢᠨ ᠪᠥᠮᠪᠥᠷᠴᠡᠭ ᠤᠨ ᠰᠣᠷᠢᠨᠵᠢᠨ ᠰᠢᠭᠤᠷᠭ᠎ᠠ ᠡᠭᠦᠰᠴᠦ ᠮᠡᠳᠡᠨ᠎ᠡ ᠃ 2 ᠤᠨ ᠡᠳᠦᠷ ᠤᠨ ᠣᠷᠴᠢᠮ ᠢᠶᠠᠷ᠂ ᠮᠠᠨ ᠤ ᠤᠯᠤᠰ ᠤᠨ ᠤᠮᠠᠷᠠᠲᠤ ᠬᠡᠰᠡᠭ ᠲᠤ ᠨᠡᠯᠢᠶᠡᠳ ᠢᠯᠡᠷᠬᠡᠢ ᠲᠤᠶᠢᠯ ᠤᠨ ᠲᠤᠶᠠᠭ᠎ᠠ ᠢᠯᠡᠷᠡᠬᠦ ᠲᠣᠬᠢᠶᠠᠯ ᠲᠠᠢ ᠮᠦᠷᠲᠡᠬᠡᠨ ᠬᠡᠰᠡᠭ ᠭᠠᠵᠠᠷ ᠣᠷᠣᠨ ᠳᠤ ᠴᠢᠨᠠᠭᠰᠢᠯᠠᠭᠠᠳ ᠤᠯᠠᠭᠠᠨ ᠨᠣᠭᠤᠭᠠᠨ ᠨᠡᠶᠢᠯᠡᠮᠡᠯ ᠲᠤᠶᠢᠯ ᠤᠨ ᠲᠤᠶᠠᠭ᠎ᠠ ᠢᠯᠡᠷᠡᠬᠦ ᠪᠣᠯᠣᠯᠴᠠᠭ᠎ᠠ ᠲᠠᠢ ᠭᠡᠵᠡᠢ᠃
ᠢᠷᠡᠯᠲᠡ᠄ ᠠᠷᠠᠳ ᠤᠨ ᠰᠦᠯᠵᠢᠶ᠎ᠡ