ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠢᠷᠭᠡᠨ ᠤ ᠬᠠᠤᠯᠢ ᠶᠢᠨ ᠪᠢᠴᠢᠭ ᠢ ᠠᠵᠤ ᠠᠬᠤᠶᠢᠯᠠᠯ ᠳᠤ ᠣᠷᠣᠭᠤᠯᠬᠤ ᠠᠵᠢᠯᠯᠠᠭ᠎ᠠ ᠶᠢ | ᠥᠷᠭᠡᠨ ᠳᠡᠯᠭᠡᠷ ᠥᠷᠨᠢᠭᠦᠯᠵᠦ᠂ ᠠᠵᠤ ᠠᠬᠤᠶᠢᠯᠠᠯ ᠤᠨ ᠦᠨᠡᠨᠴᠢ ᠢᠲᠡᠭᠡᠮᠵᠢᠲᠡᠢ ᠬᠠᠤᠯᠢ ᠰᠠᠬᠢᠬᠤ ᠡᠵᠡᠩᠨᠡᠯᠲᠡ ᠶᠢᠨ ᠤᠬᠠᠮᠰᠠᠷ ᠪᠠ ᠴᠢᠳᠠᠪᠤᠷᠢ ᠶᠢ ᠪᠥᠬᠦ ᠲᠠᠯ᠎ᠠ ᠪᠠᠷ | ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠠᠤᠯᠢ ᠪᠠᠷ ᠵᠠᠰᠠᠬᠤ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ | ᠪᠣᠯᠭᠠᠵᠤ᠂ ᠣᠶᠢᠷ᠎ᠠ ᠳᠤ᠂ ᠰᠢᠨ᠎ᠡ ᠪᠠᠷᠭᠤ ᠵᠡᠭᠦᠨ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ᠠᠮᠤᠭᠤᠯᠠᠩ ᠤᠨ ᠬᠠᠤᠯᠢ ᠴᠠᠭᠠᠵᠠ ᠶᠢᠨ ᠰᠠᠯᠪᠤᠷᠢ ᠲᠦᠩ | ᠯᠧ ᠹᠦ᠋ ᠢᠳᠡᠭᠡᠨ ᠤ ᠵᠦᠢᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠬᠦᠷᠴᠦ᠂ ︽ᠢᠷᠭᠡᠨ ᠤ ᠬᠠᠤᠯᠢ ᠶᠢᠨ ᠪᠢᠴᠢᠭ ᠢ ᠠᠵᠤ ᠠᠬᠤᠶᠢᠯᠠᠯ ᠳᠤ ᠣᠷᠣᠭᠤᠯᠵᠤ | ︿ᠬᠠᠤᠯᠢ﹀ ᠪᠠᠷ ᠵᠠᠰᠠᠬᠤ ᠡᠵᠡᠩᠨᠡᠯᠲᠡ ᠶᠢᠨ ᠣᠷᠴᠢᠨ ᠨᠥᠬᠦᠴᠡᠯ ᠢ ᠭᠡᠷᠡᠯᠲᠦᠭᠦᠯᠬᠦ︾ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ | ᠠᠵᠢᠯᠯᠠᠭ᠎ᠠ ᠶᠢ ᠶᠠᠷᠢᠯᠴᠠᠬᠤ ᠬᠤᠷᠠᠯ ᠬᠢᠬᠦ᠂ ᠲᠤᠬᠠᠢ ᠶᠢᠨ ᠲᠠᠯᠠᠪᠤᠷ ᠲᠤ ᠬᠠᠤᠯᠢ ᠴᠠᠭᠠᠵᠠ ᠶᠢᠨ ᠯᠠᠪᠯᠠᠯᠭ᠎ᠠ ᠶᠢ ᠬᠠᠷᠢᠭᠤᠯᠬᠤ᠂ ᠤᠬᠠᠭᠤᠯᠭ᠎ᠠ ᠶᠢᠨ | ᠮᠠᠲ᠋ᠧᠷᠢᠶᠠᠯ ᠲᠠᠷᠬᠠᠭᠠᠬᠤ ᠵᠡᠷᠭᠡ ᠤᠯᠠᠨ ᠵᠦᠢᠯ ᠤᠨ ᠬᠡᠯᠪᠡᠷᠢ ᠪᠠᠷ ᠶᠠᠪᠤᠭᠳᠠᠭᠤᠯᠵᠠᠢ᠃ ᠠᠵᠢᠯᠲᠠᠳ ᠠᠵᠤ ᠠᠬᠤᠶᠢᠯᠠᠯ ᠤᠨ ᠡᠵᠡᠩᠨᠡᠯᠲᠡ ᠶᠢᠨ ᠳᠤᠮᠳᠠ ᠪᠠᠶᠢᠩᠭᠤ | ᠲᠣᠬᠢᠶᠠᠯᠳᠤᠳᠠᠭ ᠠᠰᠠᠭᠤᠳᠠᠯ ᠤᠨ ᠲᠣᠭᠤᠷᠢᠨ ᠳᠤ ᠲᠠᠶᠢᠯᠤᠮᠵᠢ ᠬᠢᠵᠦ᠂ ᠬᠢᠯᠪᠠᠷ ᠣᠶᠢᠯᠠᠭᠠᠮᠵᠢᠲᠠᠢ ᠦᠭᠡ ᠬᠡᠯᠡ ᠪᠠ ᠠᠮᠢᠳᠤᠯᠢᠭ ᠪᠣᠳᠠᠲᠠᠢ ᠬᠡᠷᠡᠭ ᠤᠨ ᠵᠢᠱᠢᠶ᠎ᠡ ᠪᠠᠷ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ ᠲᠠᠬᠢ ᠠᠵᠤ ᠠᠬᠤᠶᠢᠯᠠᠯ ᠤᠨ ᠡᠵᠡᠩᠨᠡᠯᠲᠡ᠂ ᠠᠵᠢᠯᠲᠠᠨ ᠤ | ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠵᠦᠢᠯ ᠵᠤᠷᠪᠤᠰ ᠢ ᠭᠦᠨᠵᠡᠭᠡᠢ ᠪᠥᠭᠡᠳ ᠣᠶᠢᠯᠠᠭᠠᠮᠵᠢᠲᠠᠢ ᠪᠠᠷ ᠲᠠᠶᠢᠯᠪᠤᠷᠢᠯᠠᠵᠤ᠂ ᠭᠡᠷ᠎ᠡ ᠲᠣᠭᠲᠠᠬᠤ ᠪᠠ ᠭᠦᠢᠴᠡᠳᠬᠡᠬᠦ᠂ | ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠵᠡᠷᠭᠡ ᠵᠠᠩᠭᠢᠯᠠᠭ᠎ᠠ ᠶᠢᠨ ᠬᠦᠷᠢᠶ᠎ᠡ ᠴᠠᠷᠠᠭ᠎ᠠ ᠶᠢ ᠭᠤᠣᠯᠳᠠᠯᠭ᠎ᠠ ᠲᠠᠢ ᠲᠠᠶᠢᠯᠪᠤᠷᠢᠯᠠᠪᠠ᠃ ᠡᠭᠦᠨ ᠤ | ᠬᠠᠮᠲᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠳᠤᠮᠳᠠ ᠲᠤᠯᠭᠠᠷᠠᠭᠰᠠᠨ ᠬᠠᠤᠯᠢ ᠴᠠᠭᠠᠵᠠ ᠶᠢᠨ ᠲᠠᠯ᠎ᠠ ᠶᠢᠨ ᠠᠰᠠᠭᠤᠳᠠᠯ ᠢ ᠨᠠᠷᠢᠨ ᠬᠢᠨᠠᠮᠠᠭᠠᠢ | ᠰᠣᠨᠣᠰᠴᠤ᠂ ᠲᠤᠬᠠᠢ ᠶᠢᠨ ᠲᠠᠯᠠᠪᠤᠷ ᠲᠤ ᠠᠵᠢᠯᠲᠠᠨ ᠠᠵᠢᠯᠴᠢᠨ ᠤ ᠡᠷᠬᠡ ᠠᠰᠢᠭ ᠢᠶᠠᠨ ᠬᠠᠮᠠᠭᠠᠯᠠᠬᠤ᠂ ᠭᠡᠷ᠎ᠡ ᠪᠠᠨ ᠭᠦᠢᠴᠡᠳᠬᠡᠬᠦ ᠵᠡᠷᠭᠡ ᠲᠠᠯ᠎ᠠ ᠶᠢᠨ ᠠᠰᠠᠭᠤᠳᠠᠯ ᠳᠤ | ᠬᠠᠷᠢᠭᠤᠯᠲᠠ ᠥᠭᠴᠦ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ | ᠪᠢᠴᠢᠭ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ | ᠵᠠᠬᠢᠷᠭᠠᠨ ᠤ ᠳᠠᠬᠢᠨ ᠵᠥᠪᠯᠡᠬᠦ ᠬᠠᠤᠯᠢ︾ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠰᠠᠨᠠᠭᠠᠴᠢᠯᠠᠭ᠎ᠠ ᠶᠢᠨ ᠪᠢᠴᠢᠭ︾ ᠵᠡᠷᠭᠡ ᠬᠠᠤᠯᠢ | ᠴᠠᠭᠠᠵᠠ ᠶᠢᠨ ᠮᠡᠳᠡᠯᠭᠡ ᠶᠢᠨ ᠤᠩᠰᠢᠬᠤ ᠪᠢᠴᠢᠭ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠪᠠ᠃ ᠠᠵᠤ ᠠᠬᠤᠶᠢᠯᠠᠯ ᠤᠨ ᠠᠵᠢᠯᠲᠠᠳ | ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ᠲᠡᠳᠡᠨ ᠳᠤ ᠶᠡᠭᠡ ᠠᠰᠢᠭ ᠲᠤᠰᠠ ᠬᠦᠷᠲᠡᠭᠡᠭᠰᠡᠨ ᠪᠣᠯᠬᠤᠷ ᠬᠠᠤᠯᠢ ᠴᠠᠭᠠᠵᠠ ᠶᠢᠨ | ᠦᠵᠡᠯ ᠤᠬᠠᠮᠰᠠᠷ ᠢ ᠴᠢᠩᠭᠠᠷᠠᠭᠤᠯᠤᠭᠰᠠᠨ ᠢᠶᠠᠷ ᠪᠠᠷᠠᠬᠤ ᠦᠭᠡᠢ ᠪᠠᠰᠠ ᠡᠳᠦᠷ ᠲᠤᠲᠤᠮ ᠤᠨ ᠠᠵᠢᠯ ᠠᠮᠢᠳᠤᠷᠠᠯ ᠳᠤᠮᠳᠠ ᠪᠠᠨ ᠬᠠᠤᠯᠢ ᠴᠠᠭᠠᠵᠠ ᠶᠢᠨ ᠮᠡᠳᠡᠯᠭᠡ ᠶᠢ | ᠬᠡᠷᠬᠢᠨ ᠬᠡᠷᠡᠭᠯᠡᠨ ᠠᠵᠤ ᠠᠬᠤᠶᠢᠯᠠᠯ ᠪᠠ ᠬᠤᠪᠢ ᠬᠥᠮᠥᠨ ᠤ ᠡᠷᠬᠡ ᠠᠰᠢᠭ ᠢᠶᠠᠨ ᠬᠠᠮᠠᠭᠠᠯᠠᠬᠤ ᠶᠢ ᠰᠣᠷᠣᠭᠰᠠᠨ ᠪᠠᠶᠢᠨ᠎ᠠ ᠭᠡᠵᠡᠢ᠃ | ᠲᠣᠰ ᠤᠳᠠᠭᠠᠨ ᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠨᠢ ︽ᠬᠠᠤᠯᠢ ᠴᠠᠭᠠᠵᠠ ᠶᠢᠨ | ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠲᠠᠶᠢᠯᠤᠮᠵᠢ + ᠦᠢᠯᠡᠳᠦᠯᠴᠡᠨ ᠰᠣᠯᠢᠯᠴᠠᠬᠤ︾ ᠵᠠᠭᠪᠤᠷ ᠢᠶᠠᠷ ᠠᠵᠤ ᠠᠬᠤᠶᠢᠯᠠᠯ ᠤᠨ ᠠᠵᠢᠯᠲᠠᠨ ᠤ ᠬᠠᠤᠯᠢ ᠴᠠᠭᠠᠵᠠ ᠶᠢᠨ | ᠦᠵᠡᠯ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠬᠠᠤᠯᠢ ᠶᠣᠰᠣᠭᠠᠷ ᠡᠵᠡᠩᠨᠡᠬᠦ᠂ ᠵᠢᠷᠤᠮᠵᠢᠭᠤᠯᠤᠨ ᠬᠠᠮᠢᠶᠠᠷᠬᠤ ᠳᠤ ᠬᠦᠴᠦᠲᠡᠢ | ᠬᠠᠤᠯᠢ ᠴᠠᠭᠠᠵᠠ ᠶᠢᠨ ᠳᠡᠮᠵᠢᠯᠭᠡ ᠬᠠᠩᠭᠠᠭᠰᠠᠨ ᠪᠠᠶᠢᠨ᠎ᠠ᠃ ᠢᠷᠭᠡᠨ ᠤ ᠬᠠᠤᠯᠢ ᠶᠢᠨ ᠪᠢᠴᠢᠭ ᠤᠨ ᠤᠬᠠᠭᠤᠯᠭ᠎ᠠ ᠬᠢᠭᠡᠳ ᠠᠵᠤ ᠠᠬᠤᠶᠢᠯᠠᠯ ᠤᠨ ᠬᠠᠤᠯᠢ ᠪᠠᠷ ᠵᠠᠰᠠᠬᠤ | ᠰᠣᠶᠣᠯ ᠤᠨ ᠭᠦᠨᠵᠡᠭᠡᠢ ᠠᠭᠤᠰᠤᠯᠴᠠᠯ ᠢ ᠲᠦᠯᠬᠢᠨ ᠠᠬᠢᠭᠤᠯᠵᠤ᠂ ᠬᠠᠤᠯᠢ ᠪᠠᠷ ᠵᠠᠰᠠᠬᠤ ᠡᠵᠡᠩᠨᠡᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠬᠠᠤᠯᠢ ᠪᠠᠷ | ᠵᠠᠰᠠᠬᠤ ᠪᠠᠲᠤ ᠪᠠᠬᠢ ᠪᠠᠲᠤᠯᠠᠭ᠎ᠠ ᠬᠠᠩᠭᠠᠨ᠎ᠠ᠃ | | | | | | | | | | |