ᠡᠨᠡ ᠵᠢᠯ ᠠᠴᠠ ᠨᠠᠰᠢ᠂ ᠰᠢᠨ᠎ᠡ ᠪᠠᠷᠭᠤ ᠵᠡᠭᠦᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ | ᠬᠢᠨ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠤᠨ ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠤ | ᠠᠬᠤᠶᠢᠯᠠᠯ ᠤᠨ ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ ︽ᠵᠠᠰᠠᠭ ᠮᠥᠩᠭᠦ ᠠᠵᠤ ᠠᠬᠤᠶᠢᠯᠠᠯ︾ ᠭᠤᠷᠪᠠᠨ ᠲᠠᠯ᠎ᠠ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ᠂ | ᠲᠣᠭᠲᠠᠮᠠᠯ ᠬᠤᠭᠤᠴᠠᠭ᠎ᠠ ᠲᠠᠢ ᠪᠠᠷ ᠪᠠᠩᠬᠢ ᠪᠠ ᠠᠵᠤ ᠠᠬᠤᠶᠢᠯᠠᠯ ᠢ ᠵᠣᠯᠭᠠᠭᠤᠯᠬᠤ ᠬᠤᠷᠠᠯ ᠡᠷᠭᠢᠯᠡᠬᠦ᠂ ᠵᠢᠭᠡᠯᠡᠯᠭᠡ ᠶᠢ ᠬᠢᠨᠠᠨ ᠵᠥᠪᠰᠢᠶᠡᠷᠡᠬᠦ ᠶᠠᠪᠤᠴᠠ ᠶᠢ | ᠰᠢᠯᠢᠳᠡᠭᠵᠢᠭᠦᠯᠬᠦ᠂ ᠥᠪᠡᠷᠮᠢᠴᠡ ᠪᠡᠯᠡ ᠲᠣᠬᠢᠷᠠᠭᠤᠯᠭ᠎ᠠ ᠶᠢᠨ ᠲᠥᠰᠥᠯ ᠬᠠᠩᠭᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠮᠥᠩᠭᠦᠨ ᠭᠦᠢᠯᠭᠡᠭᠡᠨ ᠤ | ᠦᠢᠯᠡᠴᠢᠯᠡᠭᠡᠨ ᠤ ᠪᠣᠳᠠᠲᠤ ᠴᠣᠭᠴᠠ ᠶᠢᠨ ᠠᠵᠤ ᠠᠬᠤᠢ ᠶᠢᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠪᠡ᠃ | ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠵᠢᠴᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ | ᠬᠠᠮᠵᠢᠯᠴᠠᠭ᠎ᠠ ᠶᠢᠨ ᠠᠬᠢᠭᠤᠯᠤᠯ ᠳᠣᠣᠷ᠎ᠠ᠂ ᠰᠢᠨ᠎ᠡ ᠪᠠᠷᠭᠤ ᠵᠡᠭᠦᠨ ᠬᠤᠰᠢᠭᠤᠨ ᠤ ᠷᠦᠨ ᠹᠧᠩ ᠶᠤᠸᠠᠨ ᠪᠠᠭᠤᠳᠠᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ | ᠳᠤᠮᠳᠠᠳᠤ ᠤᠯᠤᠰ ᠤᠨ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠮᠠᠨᠵᠤᠤᠷ ᠤᠨ ᠬᠤᠪᠢᠶᠠᠷᠢ ᠪᠠᠩᠬᠢ ᠶᠢᠨ 500 ᠲᠦᠮᠡᠨ ᠲᠥᠭᠦᠷᠢᠭ ᠤᠨ ᠲᠦᠭᠡᠮᠡᠯ | ᠬᠠᠷᠠᠭᠠᠯᠵᠠᠯ ᠤᠨ ᠵᠢᠭᠡᠯᠡᠯᠭᠡ ᠶᠢ ᠠᠮᠵᠢᠯᠲᠠᠲᠠᠢ ᠭᠥᠷᠳᠡᠪᠡ᠃ ᠲᠣᠰ ᠪᠡᠯᠡ ᠮᠥᠩᠭᠦ ᠶᠢ ᠵᠣᠴᠢᠳ ᠤᠨ ᠪᠠᠭᠤᠳᠠᠯ ᠤᠨ ᠵᠣᠴᠢᠨ ᠤ ᠥᠷᠥᠭᠡ ᠶᠢᠨ ᠣᠶᠤᠨᠴᠢᠯᠠᠭᠰᠠᠨ | ᠥᠭᠡᠷᠡᠴᠢᠯᠡᠯᠲᠡ᠂ ᠣᠨᠴᠠᠯᠢᠭᠲᠤ ᠢᠳᠡᠭᠡᠨ ᠤᠮᠳᠠᠭᠠᠨ ᠤ ᠲᠣᠭᠤᠷᠢᠭ ᠤᠨ ᠪᠦᠲᠦᠭᠡᠨ ᠪᠠᠶᠢᠭᠤᠯᠤᠯᠲᠠ ᠵᠢᠴᠢ ᠵᠢᠭᠤᠯᠴᠢᠯᠠᠯ ᠤᠨ ᠬᠥᠭᠵᠢᠯᠲᠡᠢ ᠤᠯᠠᠷᠢᠯ ᠤᠨ ᠪᠡᠯᠡ | ᠮᠥᠩᠭᠦ ᠶᠢᠨ ᠡᠷᠭᠢᠯᠲᠡ ᠳᠤ ᠭᠤᠣᠯᠳᠠᠯᠭ᠎ᠠ ᠲᠠᠢ ᠬᠡᠷᠡᠭᠯᠡᠵᠦ᠂ ᠲᠤᠬᠠᠢ ᠶᠢᠨ ᠭᠠᠵᠠᠷ ᠤᠨ ᠵᠢᠭᠤᠯᠴᠢᠯᠠᠯ ᠤᠨ ᠦᠢᠯᠡᠴᠢᠯᠡᠭᠡᠨ ᠤ ᠠᠵᠤ ᠦᠢᠯᠡᠰ ᠤᠨ ᠲᠠᠰ ᠳᠡᠪᠰᠢᠬᠦ ᠶᠢ | ᠠᠬᠢᠭᠤᠯᠤᠨ᠎ᠠ᠃ | ᠲᠠᠷᠠᠭᠠᠴᠢ ᠶᠢᠨ ᠠᠯᠬᠤᠮ ᠳᠤ᠂ ᠰᠢᠨ᠎ᠡ ᠪᠠᠷᠭᠤ ᠵᠡᠭᠦᠨ ᠬᠤᠰᠢᠭᠤ ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢᠨ | ᠨᠠᠷᠢᠨ ᠲᠠᠩᠰᠠ ᠶᠢ ᠪᠠᠶᠢᠭᠤᠯᠵᠤ᠂ ᠠᠵᠢᠯ ᠲᠥᠷᠥᠯ ᠢᠶᠠᠷ ᠲᠥᠷᠥᠯ ᠬᠤᠪᠢᠶᠠᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ ᠬᠦᠷᠭᠡᠨ᠂ ᠪᠣᠳᠠᠲᠤ ᠴᠣᠭᠴᠠ ᠶᠢᠨ | ᠠᠵᠤ ᠠᠬᠤᠢ ᠳᠤ ᠦᠷᠭᠦᠯᠵᠢᠯᠡᠨ ᠮᠥᠩᠭᠦᠨ ᠭᠦᠢᠯᠭᠡᠭᠡᠨ ᠤ ᠠᠮᠢᠳᠤᠯᠢᠭ ᠬᠦᠴᠦᠨ ᠢ ᠨᠡᠮᠡᠷᠢᠯᠡᠨ᠎ᠡ᠃ | |