ᠡᠷᠡᠭᠦᠦ ᠶᠢᠨ ᠬᠤᠭᠤᠴᠠᠭ᠎ᠠ ᠨᠢ ᠳᠠᠭᠤᠰᠴᠤ ᠰᠤᠯᠠᠯᠠᠭᠳᠠᠭᠰᠠᠨ ᠬᠥᠮᠥᠰ ᠢ ᠲᠣᠭᠲᠠᠪᠤᠷᠢᠵᠢᠭᠤᠯᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ | ᠡᠷᠡᠭᠦᠦ ᠶᠢᠨ ᠬᠤᠭᠤᠴᠠᠭ᠎ᠠ ᠨᠢ ᠳᠠᠭᠤᠰᠴᠤ ᠰᠤᠯᠠᠯᠠᠭᠳᠠᠭᠰᠠᠨ ᠬᠥᠮᠥᠰ ᠲᠤ ᠬᠢᠨᠠᠯᠲᠠ ᠲᠠᠯᠪᠢᠬᠤ᠂ ᠬᠠᠮᠢᠶᠠᠷᠬᠤ᠂ ᠰᠤᠷᠭᠠᠨ ᠬᠥᠮᠥᠵᠢᠭᠦᠯᠬᠦ ᠪᠠ ᠬᠠᠪᠰᠤᠷᠤᠨ | ᠲᠡᠳᠬᠦᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ ᠵᠢᠪᠬᠤᠯᠠᠩᠲᠤ ᠶᠢᠨ ᠬᠠᠤᠯᠢ ᠴᠠᠭᠠᠵᠠ ᠶᠢᠨ ᠰᠠᠯᠪᠤᠷᠢ ᠶᠢᠨ ᠬᠢᠨ ᠳᠥᠪᠬᠢᠨᠡᠭᠦᠯᠦᠨ | ᠬᠠᠪᠰᠤᠷᠤᠨ ᠰᠤᠷᠭᠠᠬᠤ ᠬᠥᠮᠥᠰ ᠢ ᠬᠠᠷᠭᠤᠭᠤᠯᠤᠨ ᠪᠠᠶᠢᠴᠠᠭᠠᠬᠤ᠂ ᠵᠣᠯᠭᠠᠭᠤᠯᠬᠤ ᠶᠢ ᠴᠢᠩᠭᠠᠳᠬᠠᠵᠤ᠂ ᠰᠤᠷᠭᠠᠨ ᠬᠥᠮᠥᠵᠢᠭᠦᠯᠵᠦ ᠲᠣᠭᠲᠠᠭᠤᠨ ᠢᠶᠠᠷ ᠡᠵᠡᠮᠳᠡᠨ᠂ | ᠰᠡᠳᠬᠢᠴᠡ ᠶᠢᠨ ᠲᠠᠯ᠎ᠠ ᠪᠠᠷ ᠬᠥᠲᠥᠯᠥᠨ ᠵᠢᠯᠤᠭᠤᠳᠬᠤ ᠪᠠ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠠᠵᠢᠯ ᠢ ᠰᠠᠶᠢᠲᠤᠷ ᠬᠢᠵᠦ᠂ ᠳᠥᠪᠬᠢᠨᠡᠭᠦᠯᠦᠨ | ᠬᠠᠪᠰᠤᠷᠤᠨ ᠰᠤᠷᠭᠠᠬᠤ ᠠᠵᠢᠯ ᠤᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠪᠡ᠃ | ᠨᠢᠭᠡ ᠳᠤ᠂ ᠬᠠᠷᠢᠶ᠎ᠠ ᠣᠷᠣᠨ ᠤ ᠳᠣᠲᠣᠷᠠᠬᠢ ᠳᠥᠪᠬᠢᠨᠡᠭᠦᠯᠦᠨ ᠬᠠᠪᠰᠤᠷᠤᠨ ᠰᠤᠷᠭᠠᠬᠤ ᠡᠲᠡᠭᠡᠳ ᠢ ᠵᠢᠭᠰᠠᠭᠠᠨ ᠪᠠᠶᠢᠴᠠᠭᠠᠵᠤ ᠰᠤᠷᠪᠤᠯᠵᠢᠯᠠᠬᠤ ᠠᠵᠢᠯ ᠢ | ᠥᠷᠨᠢᠭᠦᠯᠦᠨ᠎ᠡ᠃ ᠵᠢᠪᠬᠤᠯᠠᠩᠲᠤ ᠶᠢᠨ ᠬᠠᠤᠯᠢ ᠴᠠᠭᠠᠵᠠ ᠶᠢᠨ ᠰᠠᠯᠪᠤᠷᠢ ᠶᠢᠨ ᠬᠢᠨ ᠳᠥᠪᠬᠢᠨᠡᠭᠦᠯᠦᠨ ᠬᠠᠪᠰᠤᠷᠤᠨ ᠰᠤᠷᠭᠠᠬᠤ ᠡᠲᠡᠭᠡᠳ ᠢ ᠪᠦᠬᠦ ᠲᠠᠯ᠎ᠠ ᠪᠠᠷ | ᠵᠢᠭᠰᠠᠭᠠᠨ ᠪᠠᠶᠢᠴᠠᠭᠠᠬᠤ ᠪᠠ ᠲᠣᠭᠲᠠᠮᠠᠯ ᠬᠤᠭᠤᠴᠠᠭ᠎ᠠ ᠲᠠᠢ ᠪᠠᠷ ᠬᠠᠷᠢᠭᠤ ᠰᠤᠷᠪᠤᠯᠵᠢᠯᠠᠬᠤ ᠶᠢ ᠨᠠᠷᠢᠨ ᠬᠢᠨᠠᠮᠠᠭᠠᠢ ᠥᠷᠨᠢᠭᠦᠯᠵᠦ᠂ ᠬᠠᠷ᠎ᠠ ᠪᠦᠯᠦᠭᠲᠡᠨ ᠬᠠᠷᠭᠢᠰ | ᠬᠦᠴᠦᠨ ᠳᠤ ᠬᠤᠯᠪᠣᠭᠳᠠᠭᠰᠠᠨ᠂ ︽ᠭᠤᠷᠪᠠᠨ ᠦᠭᠡᠢ︾᠂ ︽ᠭᠤᠷᠪᠠᠨ ᠬᠠᠭᠤᠷᠮᠠᠭ︾ ᠤᠨ ᠬᠥᠮᠥᠰ ᠪᠠᠶᠢᠬᠤ ᠡᠰᠡᠬᠦ᠂ ᠲᠠᠬᠢᠨ ᠬᠠᠤᠯᠢ ᠠᠴᠠ ᠵᠥᠷᠢᠴᠡᠵᠦ ᠶᠠᠯ᠎ᠠ ᠬᠢᠬᠦ | ᠬᠠᠨᠳᠤᠰᠢ ᠲᠠᠢ ᠬᠥᠮᠥᠰ ᠪᠠᠶᠢᠬᠤ ᠡᠰᠡᠬᠦ ᠶᠢ ᠭᠤᠣᠯᠳᠠᠯᠭ᠎ᠠ ᠲᠠᠢ ᠵᠢᠭᠰᠠᠭᠠᠨ ᠪᠠᠶᠢᠴᠠᠭᠠᠵᠤ᠂ ᠬᠠᠷᠢᠶ᠎ᠠ ᠣᠷᠣᠨ ᠤ ᠳᠣᠲᠣᠷᠠᠬᠢ ᠳᠥᠪᠬᠢᠨᠡᠭᠦᠯᠦᠨ ᠬᠠᠪᠰᠤᠷᠤᠨ ᠰᠤᠷᠭᠠᠬᠤ | ᠡᠲᠡᠭᠡᠳ ᠤᠨ ᠠᠵᠢᠯ ᠠᠮᠢᠳᠤᠷᠠᠯ ᠤᠨ ᠪᠠᠶᠢᠳᠠᠯ ᠢ ᠪᠦᠬᠦ ᠲᠠᠯ᠎ᠠ ᠪᠠᠷ ᠡᠵᠡᠮᠰᠢᠬᠦ ᠶᠢ ᠪᠠᠲᠤᠯᠠᠵᠤ᠂ ᠦᠨᠡᠨ ᠬᠦ ᠡᠴᠦᠰ ᠲᠤᠨᠢ ᠲᠤᠯᠲᠠᠯ᠎ᠠ ᠲᠣᠭᠠᠯᠠᠵᠤ᠂ ᠪᠠᠶᠢᠳᠠᠯ ᠢ | ᠲᠣᠳᠣᠷᠬᠠᠢ ᠪᠣᠯᠭᠠᠵᠤ᠂ ᠭᠤᠣᠯᠳᠠᠯᠭ᠎ᠠ ᠲᠠᠢ ᠬᠥᠮᠥᠰ ᠤᠨ ᠡᠵᠡᠮᠳᠡᠯ ᠢᠶᠠᠨ ᠠᠯᠳᠠᠵᠤ ᠬᠡᠷᠡᠭ ᠭᠠᠷᠬᠤ ᠦᠭᠡᠢ ᠪᠠᠶᠢᠬᠤ ᠶᠢ ᠪᠡᠶᠡᠯᠡᠭᠦᠯᠪᠡ᠃ ᠣᠳᠣᠬᠠᠨ ᠪᠣᠯᠲᠠᠯ᠎ᠠ᠂ 20 | ᠭᠠᠷᠤᠢ ᠬᠥᠮᠥᠨ ᠤᠳᠠᠭ᠎ᠠ ᠶᠢ 2 ᠤᠳᠠᠭ᠎ᠠ ᠰᠤᠷᠪᠤᠯᠵᠢᠯᠠᠨ ᠪᠠᠶᠢᠴᠠᠭᠠᠵᠤ ᠪᠤᠢ᠃ | ᠬᠤᠶᠠᠷ ᠲᠤ᠂ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠬᠠᠷᠢᠯᠴᠠᠨ ᠨᠠᠪᠲᠠᠷᠡᠭᠦᠯᠵᠦ ᠬᠠᠮᠲᠤᠪᠠᠷ ᠡᠳ᠋ᠯᠡᠬᠦ ᠶᠢ ᠴᠢᠩᠭᠠᠳᠬᠠᠨ᠎ᠠ᠃ᠬᠠᠷᠢᠶ᠎ᠠ ᠣᠷᠣᠨ ᠤ | ᠬᠢᠯᠢ ᠶᠢᠨ ᠲᠣᠮᠢᠯᠠᠭᠰᠠᠨ ᠰᠠᠯᠪᠤᠷᠢ ᠲᠠᠢ ᠲᠣᠭᠲᠠᠮᠠᠯ ᠬᠤᠭᠤᠴᠠᠭ᠎ᠠ ᠲᠠᠢ ᠪᠠᠷ ᠨᠡᠪᠲᠡᠷᠡᠯᠴᠡᠵᠦ᠂ ᠲᠣᠰ ᠲᠣᠰ ᠤᠨ ᠳᠡᠩᠰᠡᠯᠡᠵᠦ ᠪᠠᠶᠢᠭ᠎ᠠ ᠡᠷᠡᠭᠦᠦ ᠶᠢᠨ ᠬᠤᠭᠤᠴᠠᠭ᠎ᠠ ᠨᠢ | ᠳᠠᠭᠤᠰᠴᠤ ᠰᠤᠯᠠᠯᠠᠭᠳᠠᠭᠰᠠᠨ ᠬᠥᠮᠥᠰ ᠤᠨ ᠨᠡᠷᠡᠰ ᠢ ᠬᠠᠷᠭᠤᠭᠤᠯᠵᠤ᠂ ᠨᠡᠶᠢᠲᠡᠯᠡᠵᠦ ᠮᠡᠳᠡᠭᠦᠯᠬᠦ ᠠᠴᠠ ᠭᠤᠭᠤᠵᠢᠭᠳᠠᠭᠰᠠᠨ ᠪᠠᠶᠢᠳᠠᠯ ᠢ ᠣᠯᠵᠤ ᠮᠡᠳᠡᠪᠡᠯ ᠴᠠᠭ ᠲᠤᠬᠠᠢ | ᠳᠤᠨᠢ ᠨᠡᠮᠡᠵᠦ ᠨᠥᠬᠦᠪᠦᠷᠢᠯᠡᠨ᠎ᠡ᠂ ᠣᠲᠣ ᠪᠣᠯᠲᠠᠯ᠎ᠠ᠂ ᠳᠥᠪᠬᠢᠨᠡᠭᠦᠯᠦᠨ ᠬᠠᠪᠰᠤᠷᠤᠨ ᠰᠤᠷᠭᠠᠬᠤ ᠡᠲᠡᠭᠡᠳ ᠢ ᠨᠡᠶᠢᠲᠡ 5 ᠬᠥᠮᠥᠨ ᠨᠡᠮᠡᠵᠦ ᠨᠥᠬᠦᠪᠦᠷᠢᠯᠡᠨ᠎ᠡ᠃ | ᠭᠤᠷᠪᠠ ᠳᠤ᠂ ᠳᠥᠪᠬᠢᠨᠡᠭᠦᠯᠦᠨ ᠬᠠᠪᠰᠤᠷᠤᠨ ᠰᠤᠷᠭᠠᠬᠤ ᠠᠵᠢᠯ ᠤᠨ ᠲᠠᠩᠰᠠ ᠡᠪᠬᠡᠮᠡᠯ ᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ᠬᠤᠷᠢᠭᠤᠯ ᠤᠨ | ᠭᠠᠵᠠᠷ ᠤᠨ ᠡᠷᠡᠭᠦᠦ ᠶᠢᠨ ᠬᠤᠭᠤᠴᠠᠭ᠎ᠠ ᠨᠢ ᠳᠠᠭᠤᠰᠴᠤ ᠰᠤᠯᠠᠯᠠᠭᠳᠠᠭᠰᠠᠨ ᠬᠥᠮᠥᠰ ᠤᠨ ᠨᠡᠶᠢᠭᠡᠮ ᠳᠤ ᠪᠤᠴᠠᠵᠤ ᠢᠷᠡᠬᠦ ᠠᠶᠤᠯᠲᠤ ᠴᠢᠨᠠᠷ ᠢ ᠦᠨᠡᠯᠡᠨ ᠵᠢᠱᠢᠭᠰᠡᠨ | ᠰᠠᠨᠠᠯ ᠢ ᠦᠨᠳᠦᠰᠦᠯᠡᠪᠡᠯ᠂ ᠲᠥᠷᠥᠯ ᠬᠤᠪᠢᠶᠠᠨ ᠬᠠᠮᠢᠶᠠᠷᠬᠤ ᠶᠢ ᠬᠡᠷᠡᠭᠵᠢᠭᠦᠯᠵᠦ᠂ ᠨᠢᠭᠡ ᠬᠥᠮᠥᠨ ᠳᠤ ᠨᠢᠭᠡ ᠲᠠᠩᠰᠠ ᠡᠪᠬᠡᠮᠡᠯ ᠤᠨ ᠱᠠᠭᠠᠷᠳᠠᠯᠭ᠎ᠠ ᠶᠣᠰᠣᠭᠠᠷ᠂ | ᠭᠤᠣᠯᠳᠠᠯᠭ᠎ᠠ ᠲᠠᠢ ᠳᠥᠪᠬᠢᠨᠡᠭᠦᠯᠦᠨ ᠬᠠᠪᠰᠤᠷᠤᠨ ᠰᠤᠷᠭᠠᠬᠤ ᠡᠲᠡᠭᠡᠳ ᠲᠤ ᠬᠠᠮᠢᠶᠠᠷᠤᠨ ᠡᠵᠡᠮᠳᠡᠬᠦ ᠠᠵᠢᠯ ᠤᠨ ᠪᠡᠯᠡᠳᠬᠡᠯ ᠲᠥᠰᠥᠯ ᠢ ᠰᠠᠶᠢᠲᠤᠷ ᠬᠢᠵᠦ᠂ | ᠭᠤᠣᠯᠳᠠᠯᠭ᠎ᠠ ᠲᠠᠢ ᠬᠥᠮᠥᠰ ᠤᠨ ᠡᠳᠦᠷ ᠲᠤᠲᠤᠮ ᠤᠨ ᠵᠢᠭᠰᠠᠭᠠᠨ ᠪᠠᠶᠢᠴᠠᠭᠠᠬᠤ ᠪᠠ ᠮᠡᠳᠡᠭᠡ ᠵᠠᠩᠭᠢ ᠴᠤᠭᠯᠠᠭᠤᠯᠵᠤ ᠣᠷᠣᠭᠤᠯᠬᠤ ᠲᠣᠭᠲᠠᠴᠠ ᠶᠢ ᠪᠦᠷᠢᠨᠰᠢᠭᠦᠯᠵᠦ᠂ | ᠥᠪᠥᠷ ᠮᠣᠩᠭᠤᠯ ᠤᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠣᠶᠤᠨᠴᠢᠯᠠᠭᠰᠠᠨ ᠨᠢᠭᠡ ᠴᠣᠭᠴᠠᠵᠢᠭᠰᠠᠨ ᠲᠠᠪᠴᠠᠩ ᠤᠨ ᠳᠥᠪᠬᠢᠨᠡᠭᠦᠯᠦᠨ | ᠬᠠᠪᠰᠤᠷᠤᠨ ᠰᠤᠷᠭᠠᠬᠤ ᠲᠤᠭ᠎ᠠ ᠪᠠᠷᠢᠮᠲᠠ ᠶᠢᠨ ᠵᠠᠭᠪᠤᠷ ᠢ ᠴᠠᠭ ᠲᠤᠬᠠᠢ ᠳᠤᠨᠢ ᠬᠠᠮᠠᠭᠠᠯᠠᠨ᠎ᠠ᠃ | | | | | | | | | |