ᠲᠡᠭᠷᠢ ᠠᠴᠠ ᠪᠠᠭᠤᠬᠤ ᠬᠠᠰᠢᠯᠭ᠎ᠠ ᠲᠡᠷᠭᠡ ᠶᠢ ᠣᠨᠣᠭᠠᠪᠠ᠂ ᠥᠮᠴᠢᠲᠡᠨ ᠨᠢ ᠠᠳᠠᠯ ᠠᠬᠤᠢ ᠶᠢᠨ ᠺᠣᠮᠫᠠᠨᠢ ᠠᠴᠠ 12 ᠲᠦᠮᠡ ᠭᠠᠷᠤᠢ ᠲᠥᠭᠦᠷᠢᠭ ᠤᠨ ᠲᠥᠯᠥᠪᠦᠷᠢ ᠨᠡᠬᠡᠪᠡ᠂ ᠰᠢᠭᠦᠬᠦ ᠬᠤᠷᠢᠶ᠎ᠠ ᠬᠡᠷᠬᠢᠨ ᠲᠠᠰᠤᠯᠬᠤ ᠪᠣᠶ︖
ᠨᠡᠶᠢᠲᠡᠯᠡᠭᠰᠡᠨ ᠴᠠᠭ᠄
2025/6/4
          ᠰᠠᠯᠬᠢ ᠪᠣᠷᠣᠭᠠᠨ ᠳᠤ ᠰᠥᠨᠢ ᠪᠠᠷ ᠲᠡᠷᠭᠡ ᠶᠠᠪᠤᠬᠤ          ᠢᠯᠡᠭᠦᠬᠡᠨ ᠬᠡᠷᠰᠡᠦᠯᠡᠭᠡᠷᠡᠢ          ᠭᠡᠲᠡᠯ᠎ᠡ ᠡᠨᠡ ᠣᠷᠣᠢ          ᠲᠡᠭᠷᠢ ᠳᠤ ᠪᠣᠷᠣᠭᠠᠨ ᠣᠷᠣᠬᠤ ᠪᠠᠷ ᠪᠠᠷᠠᠬᠤ ᠦᠭᠡᠢ          ᠪᠠᠰᠠ ᠬᠡᠷᠡᠰᠬᠡ ᠲᠠᠢ          ᠠᠳᠠᠯ ᠠᠬᠤᠢ ᠶᠢᠨ ᠺᠣᠮᠫᠠᠨᠢ ᠡᠭᠦᠷᠭᠡ ᠬᠠᠷᠢᠭᠤᠴᠠᠯᠭ᠎ᠠ ᠪᠠᠨ ᠨᠢᠭᠡᠨᠲᠡ ᠭᠦᠢᠴᠡᠳᠬᠡᠪᠡ           ᠲᠡᠷᠭᠡᠨ ᠤ ᠰᠦᠢᠳᠦᠯ ᠨᠢ ᠴᠠᠭ ᠠᠭᠤᠷ ᠠᠴᠠ ᠪᠣᠯᠵᠠᠢ ᠭᠡᠵᠦ ᠬᠡᠯᠡᠪᠡ                 2024 ᠣᠨ ᠤ 5 ᠰᠠᠷ᠎ᠠ ᠶᠢᠨ 4 ᠤ ᠡᠳᠦᠷ ᠤᠨ ᠣᠷᠣᠢ᠂ ᠸᠧᠢ ᠣᠪᠣᠭᠲᠤ ᠶᠢᠨ ᠡᠷᠡᠭᠲᠡᠢ ᠨᠢ ᠸᠧᠢ ᠣᠪᠣᠭᠲᠤ  ᠳᠤ ᠬᠠᠷᠢᠶᠠᠯᠠᠭᠳᠠᠬᠤ ᠬᠡᠭᠡᠷ᠎ᠡ ᠶᠢᠨ ᠵᠢᠵᠢᠭ ᠰᠠᠭᠤᠳᠠᠯ ᠤᠨ ᠠᠶᠠᠨᠴᠢᠳ ᠤᠨ ᠲᠡᠷᠭᠡ ᠶᠢ ᠵᠢᠯᠣᠭᠤᠳᠤᠨ᠂ ᠲᠡᠳᠡᠨ ᠤ ᠨᠢᠭᠡᠨ ᠵᠢᠵᠢᠭ ᠲᠣᠭᠤᠷᠢᠭ ᠲᠤ ᠲᠦᠷᠢᠶᠡᠰᠦᠯᠡᠭᠰᠡᠨ ᠬᠤᠳᠠᠯᠳᠤᠭᠠᠨ ᠤ ᠫᠦᠰᠡᠨ ᠳᠤ ᠣᠴᠢᠪᠠ᠃ ᠵᠠᠮ ᠵᠠᠭᠤᠷ᠎ᠠ᠂ ᠲᠡᠷᠭᠡᠨ ᠤ ᠣᠷᠣᠢ ᠳᠤ ᠤᠨᠠᠭᠰᠠᠨ ᠬᠡᠳᠦᠨ ᠲᠡᠮᠦᠷ ᠬᠠᠰᠢᠯᠭ᠎ᠠ ᠳᠤ ᠣᠨᠣᠭᠳᠠᠵᠤ᠂ ᠲᠡᠷᠭᠡᠨ ᠤ ᠣᠷᠣᠢ᠂ ᠰᠠᠯᠬᠢ ᠬᠠᠯᠬᠠᠯᠠᠬᠤ ᠰᠢᠯ᠂ ᠲᠣᠮᠣ ᠳ᠋ᠧᠩ ᠵᠡᠷᠭᠡ ᠣᠯᠠᠨ ᠭᠠᠵᠠᠷ ᠨᠢ ᠬᠦᠨᠳᠦ ᠨᠣᠴᠢᠲᠠᠢ ᠡᠪᠳᠡᠭᠳᠡᠵᠡᠢ᠃           ᠡ᠊ᠨᠳᠡᠯ ᠭᠠᠷᠤᠭᠰᠠᠨ ᠤ ᠲᠠᠷᠠᠭ᠎ᠠ᠂ ᠸᠧᠢ ᠣᠪᠣᠭᠲᠤ ᠴᠠᠭ ᠲᠤᠬᠠᠢ ᠳᠤᠨᠢ ᠴᠠᠭᠳᠠᠭ᠎ᠠ ᠳᠤ ᠮᠡᠳᠡᠭᠦᠯᠬᠦ ᠶᠢᠨ ᠬᠠᠮᠲᠤ ᠲᠠᠷᠠᠭ᠎ᠠ ᠡᠳᠦᠷ ᠨᠢ ᠨᠢᠭᠡᠨ ᠮᠠᠰᠢᠨ ᠲᠡᠷᠭᠡᠨ ᠤ ᠳᠡᠯᠭᠡᠭᠦᠷ ᠤᠨ ᠠᠵᠢᠯᠲᠠᠨ ᠳᠤ ᠨᠠᠶᠢᠳᠠᠵᠤ ᠲᠤᠬᠠᠢ ᠶᠢᠨ ᠲᠠᠯᠠᠪᠤᠷ ᠲᠤ ᠣᠴᠢᠭᠤᠯᠵᠤ ᠬᠤᠬᠢᠷᠠᠯ ᠤᠨ ᠵᠢᠱᠢᠯᠲᠡ ᠶᠢ ᠲᠣᠭᠲᠠᠭᠠᠯᠭᠠᠪᠠ᠃ ᠦᠨᠡᠯᠡᠭᠰᠡᠨ ᠢᠶᠠᠷ᠂ ᠲᠡᠷᠭᠡᠨ ᠤ ᠪᠠᠯᠪᠠᠴᠢᠭᠳᠠᠭᠰᠠᠨ ᠬᠡᠰᠡᠭ ᠤᠨ ᠰᠡᠯᠪᠢᠨ ᠵᠠᠰᠠᠬᠤ ᠵᠠᠷᠤᠳᠠᠯ ᠨᠢ 12 ᠲᠦᠮᠡ ᠭᠠᠷᠤᠢ ᠲᠥᠭᠦᠷᠢᠭ ᠪᠣᠯᠣᠨ᠎ᠠ᠃ ᠠᠳᠠᠯ ᠠᠬᠤᠢ ᠶᠢᠨ ᠺᠣᠮᠫᠠᠨᠢ ᠠᠴᠠ ᠬᠡᠷᠡᠭ ᠭᠠᠷᠤᠭᠰᠠᠨ ᠵᠢᠵᠢᠭ ᠲᠣᠭᠤᠷᠢᠭ ᠲᠤ ᠠᠳᠠᠯ ᠠᠬᠤᠢ ᠶᠢᠨ ᠦᠢᠯᠡᠴᠢᠯᠡᠭᠡ ᠬᠠᠩᠭᠠᠨ᠎ᠠ᠂ ᠲᠡᠷᠡ ᠪᠣᠯ ᠨᠢᠭᠡᠨ ᠠᠳᠠᠯ ᠠᠬᠤᠢ ᠶᠢᠨ ᠶᠡᠷᠦᠩᠬᠡᠢ ᠺᠣᠮᠫᠠᠨᠢ ᠶᠢᠨ ᠬᠤᠪᠢᠶᠠᠷᠢ ᠺᠣᠮᠫᠠᠨᠢ ᠪᠣᠯᠣᠨ᠎ᠠ᠃ ᠲᠥᠯᠥᠪᠦᠷᠢ ᠶᠢᠨ ᠠᠰᠠᠭᠤᠳᠠᠯ ᠤᠨ ᠲᠤᠬᠠᠢ ᠸᠧᠢ ᠣᠪᠣᠭᠲᠤ ᠬᠥᠬᠡ ᠠᠳᠠᠯ ᠠᠬᠤᠢ ᠶᠢᠨ ᠺᠣᠮᠫᠠᠨᠢ ᠲᠠᠢ ᠤᠯᠠᠨ ᠤᠳᠠᠭ᠎ᠠ ᠵᠥᠪᠳᠡᠯᠴᠡᠭᠡᠳ ᠦᠷ᠎ᠡ ᠳ᠋ᠦᠩ ᠭᠠᠷᠤᠭᠰᠠᠨ ᠦᠭᠡᠢ ᠪᠣᠯᠬᠤᠷ ᠭᠤᠸᠠᠩᠰᠢ ᠶᠢᠨ ᠵᠤᠸᠠᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠨᠠᠨᠨᠢᠩ ᠬᠤᠳᠠ ᠶᠢᠨ ᠦᠮᠢᠩ ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠳᠤ ᠵᠠᠭᠠᠯᠳᠤᠯᠭ᠎ᠠ ᠬᠢᠵᠦ᠂ ᠬᠥᠬᠡ ᠠᠳᠠᠯ ᠠᠬᠤᠢ ᠶᠢᠨ ᠺᠣᠮᠫᠠᠨᠢ ᠵᠢᠴᠢ ᠲᠡᠭᠦᠨ ᠤ ᠬᠠᠷᠢᠶ᠎ᠠ ᠠᠳᠠᠯ ᠠᠬᠤᠢ ᠶᠢᠨ ᠶᠡᠷᠦᠩᠬᠡᠢ ᠺᠣᠮᠫᠠᠨᠢ ᠪᠠᠷ ᠲᠡᠷᠭᠡ ᠵᠠᠰᠠᠬᠤ ᠵᠠᠷᠤᠳᠠᠯ ᠢ ᠡᠭᠦᠷᠭᠡᠯᠡᠭᠦᠯᠬᠦ ᠪᠠᠷ ᠱᠠᠭᠠᠷᠳᠠᠵᠠᠢ᠃          ᠵᠠᠭᠠᠯᠳᠤᠭᠴᠢ ᠸᠧᠢ ᠣᠪᠣᠭᠲᠤ ᠵᠠᠭᠠᠯᠳᠤᠬᠤ ᠳᠠᠭᠠᠨ᠂ ᠬᠥᠬᠡ ᠠᠳᠠᠯ ᠠᠬᠤᠢ ᠶᠢᠨ ᠺᠣᠮᠫᠠᠨᠢ ᠨᠢ ᠵᠢᠵᠢᠭ ᠲᠣᠭᠤᠷᠢᠭ ᠤᠨ ᠠᠳᠠᠯ ᠠᠬᠤᠢ ᠪᠣᠯᠤᠭᠰᠠᠨ ᠤ ᠬᠤᠪᠢ ᠳᠤ᠂ ᠥᠮᠴᠢᠲᠡᠨ ᠤ ᠪᠡᠶ᠎ᠡ ᠶᠢᠨ ᠪᠠ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠵᠢᠴᠢ ᠨᠡᠶᠢᠲᠡ ᠶᠢᠨ ᠬᠡᠷᠡᠭᠯᠡᠭᠡᠨ ᠤ ᠬᠡᠰᠡᠭ ᠠᠮᠤᠷ ᠲᠦᠪᠰᠢᠨ ᠤ ᠲᠠᠯᠳᠠ ᠭᠡᠮ ᠢ ᠠᠷᠢᠯᠭᠠᠬᠤ ᠡᠭᠦᠷᠭᠡ ᠲᠠᠢ᠃ ᠲᠤᠰ ᠺᠣᠮᠫᠠᠨᠢ ᠬᠡᠷᠡᠭ ᠲᠤ ᠬᠤᠯᠪᠣᠭᠳᠠᠭᠰᠠᠨ ᠵᠢᠵᠢᠭ ᠲᠣᠭᠤᠷᠢᠭ ᠤᠨ ᠬᠠᠯᠬᠠᠪᠴᠢ ᠬᠡᠷᠡᠰᠬᠡ ᠳᠤ ᠠᠶᠤᠯᠭᠦᠢ ᠶᠢᠨ ᠬᠠᠮᠢᠶᠠᠷᠤᠯᠲᠠ ᠬᠢᠭᠰᠡᠨ ᠦᠭᠡᠢ ᠠᠴᠠ ᠪᠣᠯᠵᠤ ᠤᠨᠠᠭᠠᠭᠳᠠᠭᠰᠠᠨ ᠬᠠᠯᠬᠠᠪᠴᠢ ᠬᠡᠷᠡᠰᠬᠡ  ᠲᠡᠷᠭᠡ  ᠶᠢ ᠪᠠᠯᠪᠠᠴᠢᠵᠤ᠂ ᠤᠴᠠᠷᠠᠭᠤᠯᠤᠭᠰᠠᠨ ᠬᠤᠬᠢᠷᠠᠯ ᠢ ᠲᠡᠷᠡ ᠡᠭᠦᠷᠭᠡᠯᠡᠬᠦ ᠬᠡᠷᠡᠭᠲᠡᠢ᠂ ᠲᠡᠭᠦᠨ ᠤ ᠬᠠᠷᠢᠶᠠᠯᠠᠭᠳᠠᠬᠤ ᠠᠳᠠᠯ ᠠᠬᠤᠢ ᠶᠢᠨ ᠶᠡᠷᠦᠩᠬᠡᠢ ᠺᠣᠮᠫᠠᠨᠢ ᠨᠢ ᠬᠠᠮᠲᠤ ᠪᠠᠷ ᠲᠥᠯᠥᠬᠦ ᠬᠡᠷᠡᠭᠲᠡᠢ ᠭᠡᠵᠦ ᠬᠡᠯᠡᠪᠡ᠃          ᠵᠠᠭᠠᠯᠳᠤᠭᠳᠠᠭᠴᠢ ᠬᠥᠬᠡ ᠠᠳᠠᠯ ᠠᠬᠤᠢ ᠶᠢᠨ ᠺᠣᠮᠫᠠᠨᠢ ᠵᠢᠴᠢ ᠲᠡᠭᠦᠨ ᠤ ᠬᠠᠷᠢᠶ᠎ᠠ ᠠᠳᠠᠯ ᠠᠬᠤᠢ ᠶᠢᠨ ᠶᠡᠷᠦᠩᠬᠡᠢ ᠺᠣᠮᠫᠠᠨᠢ ᠮᠠᠷᠭᠤᠨ ᠬᠡᠯᠡᠬᠦ ᠳᠡᠭᠡᠨ᠂ ᠴᠠᠭ ᠠᠭᠤᠷ ᠤᠨ ᠰᠠᠯᠠᠭ᠎ᠠ ᠮᠥᠴᠢᠷ ᠤᠨ ᠨᠡᠶᠢᠲᠡᠯᠡᠭᠰᠡᠨ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠦᠨᠳᠦᠰᠦᠯᠡᠪᠡᠯ᠂ ᠠᠳᠠᠯ ᠠᠬᠤᠢ ᠶᠢᠨ ᠺᠣᠮᠫᠠᠨᠢ ᠨᠢᠭᠡᠨᠲᠡ ᠵᠢᠵᠢᠭ ᠲᠣᠭᠤᠷᠢᠭ ᠤᠨ ᠡᠯ᠎ᠡ ᠵᠠᠷᠯᠠᠯ ᠤᠨ ᠪᠤᠯᠤᠩ ᠳᠤ ︽ᠬᠡᠪ ᠤᠨ ᠪᠤᠰᠤ ᠴᠠᠭ ᠠᠭᠤᠷ ᠲᠤ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠰᠠᠶᠢᠲᠤᠷ ᠬᠢᠬᠦ ᠲᠤᠬᠠᠢ ᠬᠠᠯᠠᠭᠤᠨ ᠳᠣᠲᠣᠨᠣ ᠰᠠᠨᠠᠭᠤᠯᠤᠮᠵᠢ︾ ᠶᠢ ᠤᠷᠢᠳᠴᠢᠯᠠᠨ ᠨᠠᠭᠠᠵᠠᠢ᠃ ᠰᠠᠭᠤᠭᠠᠯᠢ ᠠᠷᠠᠳ ᠤᠨ ᠲᠣᠭᠤᠷᠢᠭ ᠤᠨ ᠡᠮᠬᠢ ᠳᠢᠭᠯᠢᠮ ᠢ ᠬᠠᠮᠠᠭᠠᠯᠠᠭᠴᠢ ᠱᠠᠭᠠᠷᠳᠠᠯᠭ᠎ᠠ ᠶᠣᠰᠣᠭᠠᠷ ᠲᠣᠭᠤᠷᠢᠨ ᠪᠠᠶᠢᠴᠠᠭᠠᠬᠤ ᠭᠠᠷ ᠤᠨ ᠦᠰᠦᠭ ᠵᠢᠷᠤᠵᠠᠢ᠃ ᠡᠭᠦᠨ ᠤ ᠵᠡᠷᠭᠡ ᠳᠤ ᠨᠠᠨᠨᠢᠩ ᠤᠨ ᠴᠠᠭ ᠠᠭᠤᠷ ᠤᠨ ᠦᠢᠯᠡᠴᠢᠯᠡᠭᠡᠨ ᠤ ᠨᠣᠮᠧᠷ ᠲᠤ 3 ᠵᠤᠷᠪᠤᠰ ᠴᠠᠭ ᠠᠭᠤᠷ ᠤᠨ ᠤᠷᠢᠳᠴᠢᠯᠠᠭᠰᠠᠨ ᠮᠡᠳᠡᠭᠡ ᠬᠦᠷᠭᠡᠵᠦ᠂ ᠪᠠᠰᠠ ᠠᠶᠤᠩᠭᠠᠲᠤ ᠪᠣᠷᠣᠭᠠᠨ ᠶᠡᠭᠡ ᠰᠠᠯᠬᠢᠨ ᠤ ᠰᠡᠷᠡᠮᠵᠢ  ᠶᠢᠨ ᠳᠣᠬᠢᠶ᠎ᠠ ᠥᠭᠴᠡᠢ᠃ ᠠᠳᠠᠯ ᠠᠬᠤᠢ ᠶᠢᠨ ᠺᠣᠮᠫᠠᠨᠢ ᠶᠢᠨ ᠦᠵᠡᠬᠦ ᠪᠠᠷ ᠲᠡᠷᠡ ᠨᠢᠭᠡᠨᠲᠡ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠲᠡᠷᠭᠡ ᠬᠥᠰᠬᠡ ᠶᠢᠨ ᠬᠤᠬᠢᠷᠠᠯ ᠳᠤ ᠤᠴᠠᠷᠠᠭᠰᠠᠨ ᠨᠢ ᠴᠠᠭ ᠠᠭᠤᠷ ᠤᠨ ᠰᠢᠯᠲᠠᠭᠠᠨ ᠠᠴᠠ ᠪᠣᠯᠤᠭᠰᠠᠨ ᠶᠤᠮ᠂ ᠡᠨᠡ ᠨᠢ ᠡᠰᠡᠷᠭᠦᠴᠡᠰᠢ ᠦᠭᠡᠢ ᠬᠦᠴᠦᠨ ᠵᠦᠢᠯ ᠳᠤ ᠲᠣᠭᠠᠴᠠᠭᠳᠠᠨ᠎ᠠ᠃          ᠰᠢᠭᠦᠬᠦ ᠬᠤᠷᠢᠶ᠎ᠠ᠄ ᠠᠳᠠᠯ ᠠᠬᠤᠢ ᠶᠢᠨ ᠺᠣᠮᠫᠠᠨᠢ ᠶᠢᠨ ᠠᠷᠭ᠎ᠠ ᠬᠡᠮᠵᠢᠶ᠎ᠡ          ᠠᠳᠡᠯ ᠭᠠᠷᠬᠤ ᠠᠴᠠ ᠵᠠᠶᠢᠯᠠᠰᠬᠢᠵᠦ ᠳᠡᠶᠢᠯᠬᠦ ᠦᠭᠡᠢ           ᠰᠢᠭᠦᠬᠦ ᠬᠤᠷᠢᠶ᠎ᠠ ᠰᠢᠭᠦᠬᠦ ᠪᠠᠷ ᠲᠠᠮᠵᠢᠨ᠂ ᠵᠠᠭᠠᠯᠳᠤᠭᠳᠠᠭᠴᠢ ᠬᠥᠬᠡ ᠠᠳᠠᠯ ᠠᠬᠤᠢ ᠶᠢᠨ ᠺᠣᠮᠫᠠᠨᠢ ᠨᠢ ᠵᠢᠵᠢᠭ ᠲᠣᠭᠤᠷᠢᠭ ᠤᠨ ᠬᠤᠳᠠᠯᠳᠤᠭᠠᠨ ᠤ ᠳᠡᠯᠭᠡᠭᠦᠷ ᠤᠨ ᠳᠡᠭᠡᠪᠦᠷ ᠤᠨ ᠬᠠᠯᠬᠠᠪᠴᠢ ᠬᠡᠷᠡᠰᠬᠡ ᠳᠤ ᠪᠠᠶᠢᠴᠠᠭᠠᠯᠲᠠ ᠬᠢᠵᠦ᠂ ᠪᠠᠬᠢᠯᠡᠬᠦ ᠵᠡᠷᠭᠡ ᠠᠶᠤᠯᠭᠦᠢ ᠶᠢᠨ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠠᠪᠬᠤ ᠡᠭᠦᠷᠭᠡ ᠲᠠᠢ ᠭᠡᠵᠦ ᠦᠵᠡᠪᠡ᠃ ᠬᠡᠳᠦᠶᠢᠪᠡᠷ ᠵᠠᠭᠠᠯᠳᠤᠭᠳᠠᠭᠴᠢ ᠮᠠᠭᠤ ᠴᠠᠭ ᠠᠭᠤᠷ ᠤᠨ ᠪᠠᠶᠢᠳᠠᠯ ᠭᠠᠷᠤᠭᠰᠠᠨ ᠲᠤᠬᠠᠢ ᠨᠢᠭᠡᠨᠲᠡ ᠤᠷᠢᠳᠴᠢᠯᠠᠨ ᠮᠡᠳᠡᠭᠳᠡᠭᠰᠡᠨ ᠪᠥᠭᠡᠳ ᠪᠠᠰᠠ ᠲᠣᠭᠤᠷᠢᠨ ᠪᠠᠶᠢᠴᠠᠭᠠᠵᠤ ᠭᠠᠷ ᠤᠨ ᠦᠰᠦᠭ ᠵᠢᠷᠤᠭᠰᠠᠨ ᠪᠣᠯᠪᠠᠴᠤ ᠡᠳᠡᠭᠡᠷ ᠠᠷᠭ᠎ᠠ ᠬᠡᠮᠵᠢᠶ᠎ᠡ ᠨᠢ ᠲᠡᠭᠦᠨ ᠤ ᠨᠢᠭᠡᠨᠲᠡ ᠠᠶᠤᠯᠭᠦᠢ ᠶᠢᠨ ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠢ ᠭᠦᠢᠴᠡᠳ ᠭᠡᠷᠡᠴᠢᠯᠡᠵᠦ ᠳᠡᠶᠢᠯᠬᠦ ᠦᠭᠡᠢ᠂ ᠠᠶᠤᠯᠭᠦᠢ ᠶᠢᠨ ᠡᠡ᠊ᠨᠳᠡᠯ ᠭᠠᠷᠬᠤ ᠠᠴᠠ ᠵᠠᠶᠢᠯᠠᠰᠬᠢᠵᠦ ᠳᠡᠶᠢᠯᠬᠦ ᠦᠭᠡᠢ ᠶᠤᠮ᠃ ᠬᠡᠳᠦᠶᠢᠪᠡᠷ ᠬᠡᠷᠡᠭ ᠭᠠᠷᠬᠤ ᠦᠶ᠎ᠡ ᠳᠤ ᠰᠠᠯᠬᠢ ᠰᠠᠯᠬᠢᠯᠠᠵᠤ ᠪᠣᠷᠣᠭᠠᠨ ᠣᠷᠣᠳᠠᠭ ᠪᠣᠯᠪᠠᠴᠤ ᠮᠠᠭᠤ ᠴᠠᠭ ᠠᠭᠤᠷ ᠪᠣᠯ ᠵᠢᠯ ᠪᠦᠷᠢ ᠶᠢᠨ ᠵᠠᠶᠢᠯᠠᠰᠢ ᠦᠭᠡᠢ ᠡᠭᠦᠰᠬᠦ ᠪᠠᠶᠢᠭᠠᠯᠢ ᠶᠢᠨ ᠦᠵᠡᠭᠳᠡᠯ ᠮᠥᠨ ᠪᠣᠯᠬᠤᠷ ᠤᠷᠢᠳᠴᠢᠯᠠᠨ ᠮᠡᠳᠡᠵᠦ ᠳᠡᠶᠢᠯᠬᠦ ᠦᠭᠡᠢ᠂ ᠵᠠᠶᠢᠯᠠᠭᠤᠯᠵᠤ ᠳᠡᠶᠢᠯᠬᠦ ᠦᠭᠡᠢ ᠮᠥᠷᠲᠡᠭᠡᠨ ᠢᠯᠠᠨ ᠳᠠᠪᠠᠵᠤ ᠳᠡᠶᠢᠯᠬᠦ ᠦᠭᠡᠢ ᠡᠰᠡᠷᠭᠦᠴᠡᠰᠢ ᠦᠭᠡᠢ ᠬᠦᠴᠦᠨ ᠵᠦᠢᠯ ᠳᠤ ᠲᠣᠭᠠᠴᠠᠭᠳᠠᠬᠤ ᠦᠭᠡᠢ ᠶᠤᠮ᠃          ᠵᠠᠭᠠᠯᠳᠤᠭᠴᠢ ᠸᠧᠢ ᠣᠪᠣᠭᠲᠤ ᠶᠢᠨ ᠬᠥᠬᠡ ᠠᠳᠠᠯ ᠠᠬᠤᠢ ᠶᠢᠨ ᠺᠣᠮᠫᠠᠨᠢ ᠵᠢᠴᠢ ᠲᠡᠭᠦᠨ ᠤ ᠬᠠᠷᠢᠶ᠎ᠠ ᠠᠳᠠᠯ ᠠᠬᠤᠢ ᠶᠢᠨ ᠶᠡᠷᠦᠩᠬᠡᠢ ᠺᠣᠮᠫᠠᠨᠢ ᠶᠢᠨ ᠬᠠᠮᠲᠤ ᠶᠢᠨ ᠲᠥᠯᠥᠪᠦᠷᠢ ᠶᠢᠨ ᠬᠠᠷᠢᠭᠤᠴᠠᠯᠭ᠎ᠠ ᠶᠢ ᠡᠭᠦᠷᠭᠡᠯᠡᠬᠦ ᠲᠤᠬᠠᠢ ᠡᠨᠡ ᠬᠦ ᠭᠤᠶᠤᠴᠢᠯᠠᠯ ᠨᠢ ᠬᠠᠤᠯᠢ ᠴᠠᠭᠠᠵᠠ ᠶᠢᠨ ᠲᠣᠭᠲᠠᠭᠠᠯ ᠳᠤ ᠨᠡᠶᠢᠴᠡᠬᠦ ᠦᠭᠡᠢ ᠤᠴᠢᠷ ᠠᠴᠠ ᠬᠦᠯᠢᠶᠡᠨ ᠠᠪᠴᠤ ᠬᠡᠷᠡᠭᠯᠡᠬᠦ ᠦᠭᠡᠢ᠃ ᠲᠤᠰ ᠬᠡᠷᠡᠭ ᠤᠨ ᠲᠥᠯᠥᠪᠦᠷᠢ ᠶᠢᠨ ᠠᠰᠠᠭᠤᠳᠠᠯ ᠢ ᠡᠡ᠊ᠩ ᠲᠡᠷᠢᠭᠦᠨ ᠳᠤ ᠬᠥᠬᠡ ᠠᠳᠠᠯ ᠠᠬᠤᠢ ᠶᠢᠨ ᠺᠣᠮᠫᠠᠨᠢ ᠠᠴᠠ ᠲᠡᠭᠦᠨ ᠤ ᠡᠵᠡᠩᠨᠡᠨ ᠬᠠᠮᠢᠶᠠᠷᠴᠤ ᠪᠠᠶᠢᠭ᠎ᠠ ᠡᠳ᠋ ᠬᠥᠷᠥᠩᠭᠡ ᠶᠢᠨ ᠬᠡᠪᠴᠢᠶᠡᠨ ᠳᠣᠲᠣᠷ᠎ᠠ ᠤᠷᠢᠳ ᠢᠶᠠᠷ ᠵᠠᠭᠠᠯᠳᠤᠭᠴᠢ ᠳᠤ ᠲᠥᠯᠥᠵᠦ᠂ ᠬᠦᠷᠦᠯᠴᠡᠬᠦ ᠦᠭᠡᠢ ᠬᠡᠰᠡᠭ  ᠢ ᠨᠢ ᠲᠡᠭᠦᠨ ᠤ ᠬᠠᠷᠢᠶᠠᠯᠠᠭᠳᠠᠬᠤ ᠠᠳᠠᠯ ᠠᠬᠤᠢ ᠶᠢᠨ ᠶᠡᠷᠦᠩᠬᠡᠢ ᠺᠣᠮᠫᠠᠨᠢ ᠠᠴᠠ ᠨᠥᠬᠦᠪᠦᠷᠢᠯᠡᠨ ᠲᠥᠯᠥᠨ᠎ᠡ᠃          ᠡᠭᠦᠨ ᠢ ᠦᠨᠳᠦᠰᠦᠯᠡᠨ᠂ ᠰᠢᠭᠦᠬᠦ ᠬᠤᠷᠢᠶ᠎ᠠ ᠠᠴᠠ ᠵᠠᠭᠠᠯᠳᠤᠭᠳᠠᠭᠴᠢ ᠬᠥᠬᠡ ᠠᠳᠠᠯ ᠠᠬᠤᠢ ᠶᠢᠨ ᠺᠣᠮᠫᠠᠨᠢ ᠪᠠᠷ ᠲᠡᠭᠦᠨ ᠤ ᠡᠵᠡᠩᠨᠡᠨ ᠬᠠᠮᠢᠶᠠᠷᠴᠤ ᠪᠠᠶᠢᠭ᠎ᠠ ᠡᠳ᠋ ᠬᠥᠷᠥᠩᠭᠡ ᠶᠢᠨ ᠬᠡᠪᠴᠢᠶᠡᠨ ᠳᠣᠲᠣᠷ᠎ᠠ ᠵᠠᠭᠠᠯᠳᠤᠭᠴᠢ ᠸᠧᠢ ᠣᠪᠣᠭᠲᠤ ᠳᠤ 12 ᠲᠦᠮᠡ ᠭᠠᠷᠤᠢ ᠲᠥᠭᠦᠷᠢᠭ ᠲᠥᠯᠥᠬᠦ ᠵᠢᠴᠢ ᠲᠡᠷᠭᠡ ᠬᠥᠰᠬᠡ ᠶᠢᠨ ᠬᠤᠬᠢᠷᠠᠯ ᠳᠤ ᠤᠴᠠᠷᠠᠭᠰᠠᠨ ᠬᠤᠭᠤᠴᠠᠭᠠᠨ ᠳᠤ ᠡᠭᠦᠰᠦᠭᠰᠡᠨ ᠣᠷᠣᠯᠠᠬᠤ ᠴᠢᠨᠠᠷᠲᠠᠢ ᠵᠠᠮ ᠬᠠᠷᠢᠯᠴᠠᠭᠠᠨ ᠤ ᠵᠠᠷᠤᠳᠠᠯ ᠢ ᠡᠳᠦᠷ ᠲᠤ 30 ᠲᠥᠭᠦᠷᠢᠭ ᠢᠶᠠᠷ ᠪᠤᠳᠤᠨ᠎ᠠ ᠭᠡᠵᠦ ᠬᠠᠤᠯᠢ ᠶᠣᠰᠣᠭᠠᠷ ᠰᠢᠭᠦᠨ ᠲᠠᠰᠤᠯᠪᠠ᠃ ᠵᠠᠭᠠᠯᠳᠤᠭᠳᠠᠭᠴᠢ ᠬᠥᠬᠡ ᠠᠳᠠᠯ ᠠᠬᠤᠢ ᠶᠢᠨ ᠺᠣᠮᠫᠠᠨᠢ ᠶᠢᠨ ᠲᠥᠯᠥᠵᠦ ᠳᠡᠶᠢᠯᠦᠭᠰᠡᠨ ᠦᠭᠡᠢ ᠬᠡᠰᠡᠭ ᠢ ᠲᠡᠭᠦᠨ ᠤ ᠬᠠᠷᠢᠶᠠᠯᠠᠭᠳᠠᠬᠤ ᠠᠳᠠᠯ ᠠᠬᠤᠢ ᠶᠢᠨ ᠶᠡᠷᠦᠩᠬᠡᠢ ᠺᠣᠮᠫᠠᠨᠢ ᠠᠴᠠ ᠨᠥᠬᠦᠵᠦ ᠲᠥᠯᠥᠨ᠎ᠡ᠃               ᠰᠢᠭᠦᠭᠴᠢ᠄ ᠠᠳᠠᠯ ᠠᠬᠤᠢ ᠶᠢᠨ ᠺᠣᠮᠫᠠᠨᠢ ᠬᠠᠮᠠᠭᠠᠯᠠᠯᠲᠠ ᠶᠢ ᠰᠠᠶᠢᠲᠤᠷ ᠬᠢᠬᠦ ᠬᠡᠷᠡᠭᠲᠡᠢ           ᠥᠮᠴᠢᠲᠡᠨ ᠡᠷᠭᠢᠨ ᠲᠣᠭᠤᠷᠢᠨ ᠤ ᠠᠮᠤᠷ ᠲᠦᠪᠰᠢᠨ ᠢ ᠠᠩᠬᠠᠷᠬᠤ ᠬᠡᠷᠡᠭᠲᠡᠢ          ᠲᠤᠰ ᠬᠡᠷᠡᠭ ᠢ ᠬᠢᠨᠠᠨ ᠪᠠᠶᠢᠴᠠᠭᠠᠬᠤ ᠶᠢᠨ ᠭᠤᠣᠯᠳᠠᠯᠭ᠎ᠠ ᠨᠢ ᠠᠳᠠᠯ ᠠᠬᠤᠢ ᠶᠢᠨ ᠺᠣᠮᠫᠠᠨᠢ ᠶᠢᠨ ᠬᠠᠯᠬᠠᠪᠴᠢ ᠬᠡᠷᠡᠰᠬᠡ ᠶᠢᠨ ᠤᠨᠠᠭᠰᠠᠨ ᠶᠠᠪᠤᠳᠠᠯ ᠳᠤ ᠪᠤᠷᠤᠭᠤ ᠲᠠᠢ ᠪᠠᠶᠢᠬᠤ ᠡᠰᠡᠬᠦ ᠳᠤ ᠪᠠᠶᠢᠨ᠎ᠠ᠃ ᠠᠳᠠᠯ ᠠᠬᠤᠢ ᠶᠢᠨ ᠺᠣᠮᠫᠠᠨᠢ ᠬᠡᠳᠦᠶᠢᠪᠡᠷ ᠵᠣᠬᠢᠬᠤ ᠬᠡᠮᠵᠢᠶᠡᠨ ᠤ ᠠᠮᠤᠷ ᠲᠦᠪᠰᠢᠨ ᠤ ᠰᠠᠨᠠᠭᠤᠯᠤᠮᠵᠢ ᠬᠢᠭᠰᠡᠨ ᠪᠣᠯᠪᠠᠴᠤ ᠥᠨᠳᠥᠷ ᠣᠭᠲᠠᠷᠭᠤᠢ ᠳᠤ ᠤᠨᠠᠭᠰᠠᠨ ᠪᠣᠳᠠᠰ ᠢ ᠤᠷᠢᠳᠴᠢᠯᠠᠨ ᠰᠡᠷᠭᠡᠶᠢᠯᠡᠬᠦ ᠪᠠ ᠬᠢᠵᠠᠭᠠᠷᠯᠠᠬᠤ ᠲᠠᠯ᠎ᠠ ᠪᠠᠷ ᠢᠳᠡᠪᠬᠢᠲᠡᠢ ᠰᠡᠷᠭᠡᠶᠢᠯᠡᠬᠦ ᠪᠠ ᠬᠢᠨᠠᠨ ᠡᠵᠡᠮᠳᠡᠬᠦ ᠠᠷᠭ᠎ᠠ ᠬᠡᠮᠵᠢᠶ᠎ᠡ ᠠᠪᠤᠭᠰᠠᠨ ᠦᠭᠡᠢ ᠪᠠᠶᠢᠪᠠᠯ᠂ ᠠᠮᠤᠷ ᠲᠦᠪᠰᠢᠨ ᠤ ᠪᠠᠲᠤᠯᠠᠭ᠎ᠠ ᠶᠢᠨ ᠡᠭᠦᠷᠭᠡ ᠪᠠᠨ ᠭᠦᠢᠴᠡᠳᠬᠡᠭᠰᠡᠨ ᠦᠭᠡᠢ ᠵᠣᠬᠢᠴᠠᠩᠭᠤᠢ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ᠃          ᠠᠳᠠᠯ ᠠᠬᠤᠢ ᠶᠢᠨ ᠺᠣᠮᠫᠠᠨᠢ ᠪᠣᠯᠤᠭᠰᠠᠨ ᠤ ᠬᠤᠪᠢ ᠳᠤ᠂ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠵᠢᠵᠢᠭ ᠲᠣᠭᠤᠷᠢᠭ ᠤᠨ ᠳᠣᠲᠣᠷᠠᠬᠢ ᠠᠷᠢᠭᠤᠨ ᠴᠡᠪᠡᠷ ᠢ ᠰᠠᠶᠢᠲᠤᠷ ᠬᠢᠬᠦ ᠠᠴᠠ ᠭᠠᠳᠠᠨ᠎ᠠ᠂ ᠨᠠᠩ ᠴᠤ ᠵᠢᠵᠢᠭ ᠲᠣᠭᠤᠷᠢᠭ ᠤᠨ ᠨᠡᠶᠢᠲᠡ ᠶᠢᠨ ᠬᠡᠷᠡᠭᠯᠡᠭᠡᠨ ᠤ ᠲᠥᠬᠦᠭᠡᠷᠦᠮᠵᠢ ᠶᠢ ᠲᠣᠭᠲᠠᠮᠠᠯ ᠬᠤᠭᠤᠴᠠᠭ᠎ᠠ ᠲᠠᠢ ᠪᠠᠷ ᠵᠢᠭᠰᠠᠭᠠᠨ ᠪᠠᠶᠢᠴᠠᠭᠠᠬᠤ ᠪᠠ ᠰᠡᠯᠪᠢᠨ ᠵᠠᠰᠠᠬᠤ ᠬᠡᠷᠡᠭᠲᠡᠢ᠃ ᠵᠢᠵᠢᠭ ᠲᠣᠭᠤᠷᠢᠭ ᠤᠨ ᠳᠣᠲᠣᠷᠠᠬᠢ ᠨᠡᠶᠢᠲᠡ ᠶᠢᠨ ᠬᠡᠷᠡᠭᠯᠡᠭᠡᠨ ᠤ ᠲᠥᠬᠦᠭᠡᠷᠦᠮᠵᠢ ᠶᠢᠨ ᠠᠮᠤᠷ ᠲᠦᠪᠰᠢᠨ ᠢ ᠦᠨᠡᠨ ᠬᠦ ᠪᠠᠲᠤᠯᠠᠵᠤ᠂ ᠠᠮᠤᠷ ᠲᠦᠪᠰᠢᠨ ᠤ ᠲᠠᠯᠳᠠ ᠭᠡᠮ ᠢ ᠠᠷᠢᠯᠭᠠᠨ᠂ ᠥᠮᠴᠢᠲᠡᠨ ᠤ ᠪᠡᠶ᠎ᠡ ᠮᠠᠬᠠᠪᠤᠳ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠨ᠎ᠠ᠃          ᠥᠮᠴᠢᠲᠡᠨ ᠪᠣᠯᠤᠭᠰᠠᠨ ᠤ ᠬᠤᠪᠢ ᠳᠤ᠂ ᠲᠡᠷᠭᠡ ᠵᠢᠯᠤᠭᠤᠳᠬᠤ ᠪᠤᠶᠤ ᠲᠡᠷᠭᠡ ᠵᠣᠭᠰᠤᠭᠠᠬᠤ ᠳᠠᠭᠠᠨ ᠣᠶᠢᠷ᠎ᠠ ᠬᠠᠪᠢ ᠳᠤᠨᠢ ᠠᠮᠠᠷᠬᠠᠨ ᠤᠨᠠᠵᠤ ᠢᠷᠡᠬᠦ ᠬᠠᠯᠬᠠᠪᠴᠢ ᠬᠡᠷᠡᠰᠬᠡ᠂ ᠬᠡᠷᠡᠮ᠂ ᠬᠤᠪᠠᠭ᠋ᠠᠢ ᠮᠣᠳᠣ᠂ ᠵᠠᠷ ᠤᠨ ᠫᠠᠶᠢᠰᠠ ᠵᠡᠷᠭᠡ ᠲᠡᠷᠭᠡ ᠬᠥᠰᠬᠡ ᠶᠢ ᠬᠤᠬᠢᠷᠠᠭᠤᠯᠵᠤ ᠮᠡᠳᠡᠬᠦ ᠠᠶᠤᠯᠲᠠᠢ ᠪᠣᠳᠠᠰ ᠪᠠᠶᠢᠬᠤ ᠡᠰᠡᠬᠦ ᠶᠢ ᠠᠩᠬᠠᠷᠬᠤ ᠬᠡᠷᠡᠭᠲᠡᠢ᠃ ᠬᠡᠷᠪᠡ ᠲᠡᠷᠭᠡ ᠬᠥᠰᠬᠡ ᠡᠪᠳᠡᠭᠳᠡᠭᠰᠡᠨ ᠢ ᠣᠯᠵᠤ ᠮᠡᠳᠡᠪᠡᠯ᠂ ᠲᠡᠷᠡ ᠳᠠᠷᠤᠢ ᠳᠤᠨᠢ ᠰᠡᠭᠦᠳᠡᠷᠯᠡᠨ ᠭᠡᠷᠡᠴᠢ ᠠᠪᠴᠤ᠂ ᠠᠳᠠᠯ ᠠᠬᠤᠢ ᠲᠠᠢ ᠬᠠᠷᠢᠯᠴᠠᠬᠤ ᠶᠢᠨ ᠬᠠᠮᠲᠤ ᠲᠦᠭᠰᠢᠭᠦᠷᠢ ᠮᠡᠳᠡᠭᠦᠯᠵᠦ᠂ ᠲᠣᠰ ᠪᠡᠶ᠎ᠡ ᠶᠢᠨ ᠠᠰᠢᠭ ᠲᠤᠰᠠ ᠪᠠᠨ ᠦᠨᠡᠨᠬᠦ ᠬᠠᠮᠠᠭᠠᠯᠠᠬᠤ ᠬᠡᠷᠡᠭᠲᠡᠢ᠃           ᠬᠤᠯᠪᠣᠭᠳᠠᠬᠤ ᠪᠢᠴᠢᠭ ᠮᠠᠲ᠋ᠧᠷᠢᠶᠠᠯ᠄          ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ  ︵ᠭᠡᠷ᠎ᠡ ᠶᠢᠨ ᠨᠠᠶᠢᠷᠠᠭᠤᠯᠭ᠎ᠠ︶   
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ