ᠲᠦᠷᠦᠭᠦᠬᠡᠨ᠂ ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ 4 | ᠰᠠᠷ᠎ᠠ ᠶᠢᠨ ᠰᠡᠭᠦᠯᠴᠢ ᠪᠤᠯᠲᠠᠯ᠎ᠠ᠂ ᠪᠦᠭᠦ ᠣᠷᠣᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠰᠠᠨ ᠬᠥᠮᠥᠨ ᠤ ᠲᠤᠭ᠎ᠠ 2156.7 ᠲᠦᠮᠡ ᠳᠤ | ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 13.76 ᠲᠦᠮᠡᠨ ᠬᠥᠮᠥᠨ ᠨᠡᠮᠡᠭᠳᠡᠵᠡᠢ᠃ | ᠲᠠᠨᠢᠯᠴᠠᠭᠤᠯᠤᠭᠰᠠᠨ ᠢᠶᠠᠷ᠂ ᠮᠠᠨ ᠤ ᠣᠷᠣᠨ ︽ᠳᠠᠭᠠᠳᠬᠠᠯ ᠳᠤ ᠣᠷᠣᠬᠤ ᠳᠤ ᠬᠦᠴᠢᠷᠲᠡᠢ︾ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ︽ᠳᠡᠭᠡᠷ᠎ᠡ | ᠳᠣᠣᠷ᠎ᠠ ᠱᠠᠲᠤ ᠬᠠᠮᠵᠢᠯᠴᠠᠵᠤ᠂ ᠲᠠᠪᠤᠨ ᠱᠠᠲᠤ ᠬᠤᠯᠪᠤᠭᠠᠯᠠᠨ ᠬᠥᠳᠡᠯᠦᠯᠴᠡᠬᠦ︾ ᠪᠠᠷ ᠭᠠᠷᠳᠠᠴᠠ ᠪᠤᠯᠭᠠᠵᠤ᠂ ᠡᠮ ᠡᠮᠨᠡᠯᠭᠡ ᠶᠢᠨ ᠳᠠᠭᠠᠳᠬᠠᠯ ᠤᠨ ᠠᠵᠢᠯᠲᠠᠨ | ᠳᠠᠭᠠᠳᠬᠠᠯ ᠳᠤ ᠣᠷᠤᠯᠴᠠᠬᠤ ᠶᠠᠪᠤᠴᠠ ᠶᠢ ᠵᠢᠯᠤᠭᠤᠳᠴᠤ᠂ ᠲᠤᠬᠠᠢ ᠶᠢᠨ ᠲᠠᠯᠠᠪᠠᠶ ᠳᠤ ᠰᠦᠢᠳᠬᠡᠯ ᠲᠤᠰᠢᠶᠠᠬᠤ ᠶᠠᠪᠤᠴᠠ ᠶᠢ ᠰᠠᠶᠢᠲᠤᠷ ᠣᠶᠢᠯᠠᠭᠠᠬᠤ ᠦᠭᠡᠢ᠂ | ᠰᠦᠢᠳᠬᠡᠯ ᠲᠤᠰᠢᠶᠠᠬᠤ ᠭᠠᠷᠳᠠᠮ ᠢ ᠬᠡᠷᠬᠢᠨ ᠭᠦᠢᠴᠡᠳᠬᠡᠬᠦ ᠶᠢ ᠮᠡᠳᠡᠬᠦ ᠦᠭᠡᠢ ᠬᠥᠮᠥᠰ ᠲᠤ ᠬᠠᠪᠰᠤᠷᠤᠯᠭ᠎ᠠ ᠦᠵᠡᠭᠦᠯᠵᠦ᠂ ᠨᠠᠰᠤᠲᠠᠶᠢᠴᠤᠳ ᠵᠡᠮᠳᠡᠭᠴᠦᠳ ᠵᠡᠷᠭᠡ | ᠣᠨᠴᠠᠭᠠᠶ ᠬᠥᠮᠥᠰ ᠲᠤ ᠴᠢᠭᠯᠡᠭᠦᠯᠦᠨ᠂ ᠴᠠᠭ ᠲᠤᠬᠠᠢ ᠳᠤᠨᠢ ᠴᠠᠬᠢᠮ ᠴᠢᠮᠡᠭᠡ ᠶᠠᠪᠤᠭᠤᠯᠵᠤ ᠰᠦᠢᠳᠬᠡᠯ ᠲᠤᠰᠢᠶᠠᠬᠤ ᠶᠢ ᠰᠠᠨᠠᠭᠤᠯᠬᠤ ᠶᠢᠨ ᠬᠠᠮᠲᠤ᠂ ᠳᠠᠭᠠᠳᠬᠠᠯ ᠳᠤ | ᠣᠷᠣᠯᠴᠠᠬᠰᠠᠨ ︽ᠬᠠᠮᠢᠶᠠᠷᠤᠭᠴᠢ︾ ᠪᠣᠯᠵᠤ᠂ ᠲᠤᠬᠠᠢ ᠶᠢᠨ ᠲᠠᠯᠠᠪᠠᠢ ᠳᠤ ᠣᠷᠣᠯᠠᠨ ᠲᠤᠰᠢᠶᠠᠬᠤ ᠪᠤᠶᠤ ᠮᠠᠲᠠᠭ ᠲᠠᠢ ᠠᠰᠠᠭᠤᠳᠠᠯ ᠢ ᠨᠢ ᠰᠢᠢᠳᠪᠦᠷᠢᠯᠡᠨ ᠥᠭᠴᠦ᠂ | ᠭᠠᠳᠠᠭᠰᠢ ᠭᠠᠷᠤᠭᠰᠠᠨ ᠪᠤᠶᠤ ᠭᠠᠳᠠᠭᠰᠢ ᠬᠥᠯᠥᠰᠦᠨ ᠠᠵᠢᠯ ᠬᠢᠵᠦ ᠪᠠᠶᠢᠭ᠎ᠠ ᠬᠥᠮᠥᠰ ᠲᠤ ᠴᠠᠭ ᠲᠤᠬᠠᠢ ᠳᠤᠨᠢ ᠰᠠᠨᠠᠭᠤᠯᠵᠤ᠂ ᠰᠦᠯᠵᠢᠶ᠎ᠡ ᠪᠠᠷ ᠳᠠᠮᠵᠢᠨ ᠣᠯᠠᠨ | ᠲᠦᠮᠡᠨ ᠢ ᠢᠳᠡᠪᠬᠢᠲᠡᠢ ᠪᠠᠷ ᠳᠠᠭᠠᠳᠬᠠᠯ ᠳᠤ ᠣᠷᠣᠯᠴᠠᠭᠤᠯᠵᠠᠢ᠃ | ᠡᠭᠦᠨ ᠤ ᠬᠠᠮᠲᠤ᠂ ᠮᠠᠨ ᠤ ᠣᠷᠣᠨ ᠪᠠᠰᠠ ᠠᠵᠢᠯ ᠠᠯᠳᠠᠯᠲᠠ ᠶᠢᠨ ᠳᠠᠭᠠᠳᠬᠠᠯ ᠤᠨ ᠰᠠᠭᠤᠷᠢ ᠮᠥᠩᠭᠦ ᠪᠠᠷ ᠠᠵᠢᠯᠲᠠᠨ ᠠᠵᠢᠯᠴᠢᠨ ᠤ ᠡᠮ ᠡᠮᠨᠡᠯᠭᠡ ᠶᠢᠨ | ᠳᠠᠭᠠᠳᠬᠠᠯ ︵ᠦᠷᠡᠵᠢᠯ ᠤᠨ ᠳᠠᠭᠠᠳᠬᠠᠯ ᠪᠠᠭᠲᠠᠨ᠎ᠠ︶ ᠤᠨ ᠵᠠᠷᠤᠳᠠᠯ ᠢ ᠣᠷᠣᠯᠠᠨ ᠲᠤᠰᠢᠶᠠᠬᠤ ᠬᠤᠯᠪᠣᠭᠳᠠᠯ ᠪᠦᠬᠦᠢ ᠵᠦᠢᠯᠡᠰ ᠢ ᠲᠣᠳᠣᠷᠬᠠᠶᠢᠯᠠᠵᠤ᠂ ᠲᠣᠰᠬᠤᠨ ᠤ | ᠬᠠᠮᠲᠤ ᠶᠢᠨ ᠠᠵᠤ ᠠᠬᠤᠢ ᠪᠠᠷ ᠲᠣᠰᠬᠤᠨ ᠤ ᠠᠷᠠᠳ ᠲᠤ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠵᠠᠷᠤᠳᠠᠯ ᠢ ᠣᠷᠣᠯᠠᠨ ᠲᠤᠰᠢᠶᠠᠬᠤ ᠶᠢ | ᠵᠣᠷᠢᠭᠵᠢᠭᠤᠯᠵᠤ᠂ ᠨᠠᠰᠤᠲᠠᠶᠢᠴᠤᠳ᠂ ᠵᠡᠮᠳᠡᠭᠴᠦᠳ ᠲᠤ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡ ᠨᠠᠪᠲᠠᠷᠡᠭᠦᠯᠵᠦ᠂ ︽ᠶᠡᠭᠡ ᠳᠡᠭᠡᠳᠦ | ᠰᠤᠷᠭᠠᠭᠤᠯᠢ ᠶᠢᠨ ᠰᠤᠷᠤᠬᠴᠢᠳ ᠤᠨ ᠳᠠᠭᠠᠳᠬᠠᠯ ᠳᠤ ᠣᠷᠤᠯᠴᠠᠬᠤ ᠠᠵᠢᠯᠯᠠᠭ᠎ᠠ︾ ᠶᠢ ᠥᠷᠨᠢᠭᠦᠯᠵᠦ᠂ ᠶᠡᠭᠡ ᠳᠡᠭᠡᠳᠦ ᠰᠤᠷᠭᠠᠭᠤᠯᠢ ᠶᠢᠨ 54.4 ᠲᠦᠮᠡᠨ | ᠰᠤᠷᠤᠬᠴᠢᠳ ᠳᠠᠭᠠᠳᠬᠠᠯ ᠳᠤ ᠣᠷᠣᠯᠴᠠᠵᠤ᠂ 129.6 ᠲᠦᠮᠡᠨ ᠣᠨᠴᠠ ᠬᠦᠴᠢᠷᠳᠡᠯᠲᠡᠢ ᠬᠥᠮᠥᠰ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠭᠰᠡᠳ | ᠵᠡᠷᠭᠡ ᠣᠷᠣᠯᠭ᠎ᠠ ᠪᠠᠭᠠᠲᠠᠢ ᠬᠥᠮᠥᠰ ᠲᠤ ︽ᠭᠤᠶᠤᠴᠢᠯᠠᠮᠠᠭᠴᠠ ᠭᠦᠷᠳᠡᠭᠦ︾ ᠡᠮᠴᠢᠯᠡᠭᠡᠨ ᠤ ᠠᠪᠤᠷᠠᠨ ᠲᠤᠰᠠᠯᠠᠬᠤ ᠪᠡᠯᠡ ᠮᠥᠩᠭᠦ ᠶᠢᠨ ᠳᠠᠭᠠᠳᠬᠠᠯ ᠳᠤ ᠣᠷᠤᠯᠴᠠᠬᠤ | ᠦᠢᠯᠡᠴᠢᠯᠡᠭᠡ ᠬᠦᠷᠲᠡᠭᠡᠪᠡ᠃ | | | |