​ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠶᠠᠳᠤᠭᠠᠷ ᠬᠢᠨᠠᠨ ᠪᠠᠶᠢᠴᠠᠭᠠᠬᠤ ᠳᠤᠭᠤᠶᠢᠯᠠᠩ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠵᠢᠷᠭᠤᠳᠤᠭᠠᠷ ᠪᠦᠯᠦᠭ ᠤᠨ 30 ᠬᠤᠪᠢ ᠣᠯᠠᠨ ᠲᠦᠮᠡᠨ ᠤ ᠵᠠᠬᠢᠳᠠᠯ ᠰᠤᠷᠪᠤᠯᠵᠢᠯᠠᠯ ᠢᠶᠠᠷ ᠢᠯᠡᠴᠢᠯᠡᠨ ᠮᠡᠳᠡᠭᠦᠯᠦᠭᠰᠡᠨ ᠬᠡᠷᠡᠭ ᠢ ᠰᠢᠢᠳᠪᠦᠷᠢᠯᠡᠭᠦᠯᠬᠦ ᠪᠠᠷ ᠲᠤᠰᠢᠶᠠᠵᠠᠢ
ᠨᠡᠶᠢᠲᠡᠯᠡᠭᠰᠡᠨ ᠴᠠᠭ᠄
2025/6/4
          6 ᠰᠠᠷ᠎ᠠ  ᠶᠢᠨ 3 ᠤ ᠡᠳᠦᠷ᠂ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠶᠠᠳᠤᠭᠠᠷ ᠬᠢᠨᠠᠨ ᠪᠠᠶᠢᠴᠠᠭᠠᠬᠤ ᠳᠤᠭᠤᠶᠢᠯᠠᠩ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠵᠢᠷᠭᠤᠳᠤᠭᠠᠷ ᠪᠦᠯᠦᠭ ᠤᠨ ᠵᠠᠬᠢᠳᠠᠯ ᠰᠤᠷᠪᠤᠯᠵᠢᠯᠠᠯ ᠢᠶᠠᠷ ᠢᠯᠡᠴᠢᠯᠡᠨ ᠮᠡᠳᠡᠭᠦᠯᠦᠭᠰᠡᠨ 30 ᠬᠡᠷᠡᠭ ︵ᠭᠤᠣᠯᠳᠠᠯᠭ᠎ᠠ ᠲᠠᠢ ᠠᠩᠬᠠᠷᠬᠤ 5 ᠬᠤᠪᠢ︶ ᠢ ᠰᠢᠢᠳᠪᠦᠷᠢᠯᠡᠭᠦᠯᠬᠦ ᠪᠠᠷ ᠲᠤᠰᠢᠶᠠᠵᠠᠢ᠂ ᠡᠭᠦᠨ ᠳᠤ ᠤᠲᠠᠰᠤ  ᠪᠠᠷ ᠢᠯᠡᠴᠢᠯᠡᠨ ᠮᠡᠳᠡᠭᠦᠯᠦᠭᠰᠡᠨ ᠬᠡᠷᠡᠭ 22 ᠬᠤᠪᠢ᠂ ᠵᠠᠬᠢᠳᠠᠯ ᠢᠶᠠᠷ ᠢᠯᠡᠴᠢᠯᠡᠨ ᠮᠡᠳᠡᠭᠦᠯᠦᠭᠰᠡᠨ ᠬᠡᠷᠡᠭ 8 ᠬᠤᠪᠢ ᠪᠣᠢ᠃ ᠲᠣᠰ ᠪᠦᠯᠦᠭ ᠤᠨ ᠵᠠᠬᠢᠳᠠᠯ ᠰᠤᠷᠪᠤᠯᠵᠢᠯᠠᠯ ᠢᠶᠠᠷ ᠢᠯᠡᠴᠢᠯᠡᠨ ᠮᠡᠳᠡᠭᠦᠯᠦᠭᠰᠡᠨ ᠬᠡᠷᠡᠭ ᠲᠤ ᠬᠥᠬᠡᠬᠤᠳᠠ ᠳᠤ ᠬᠤᠯᠪᠣᠭᠳᠠᠬᠤ 4 ᠬᠤᠪᠢ᠂ ᠪᠤᠭᠤᠲᠤ ᠬᠤᠲᠠ ᠳᠤ ᠬᠤᠯᠪᠣᠭᠳᠠᠬᠤ 3 ᠬᠤᠪᠢ᠂ ᠬᠥᠯᠥᠨ ᠪᠤᠶᠢᠷ ᠬᠤᠲᠠ ᠳᠤ ᠬᠤᠯᠪᠣᠭᠳᠠᠬᠤ 4 ᠬᠤᠪᠢ᠂ ᠲᠦᠩᠯᠢᠶᠣᠣ ᠬᠤᠲᠠ ᠳᠤ ᠬᠤᠯᠪᠣᠭᠳᠠᠬᠤ 7 ᠬᠤᠪᠢ᠂ ᠤᠯᠠᠭᠠᠨᠬᠠᠳᠠ ᠬᠤᠲᠠ ᠳᠤ ᠬᠤᠯᠪᠣᠭᠳᠠᠬᠤ 3 ᠬᠤᠪᠢ᠂ ᠰᠢᠯᠢ ᠶᠢᠨ ᠭᠤᠣᠯ ᠠᠶᠢᠮᠠᠭ ᠲᠤ ᠬᠤᠯᠪᠣᠭᠳᠠᠬᠤ 1 ᠬᠤᠪᠢ᠂ ᠤᠯᠠᠭᠠᠨᠴᠠᠪ ᠬᠤᠲᠠ ᠳᠤ ᠬᠤᠯᠪᠣᠭᠳᠠᠬᠤ 1 ᠬᠤᠪᠢ᠂ ᠣᠷᠳᠣᠰ ᠬᠤᠲᠠ ᠳᠤ ᠬᠤᠯᠪᠣᠭᠳᠠᠬᠤ 4 ᠬᠤᠪᠢ᠂ ᠪᠠᠶᠠᠨᠨᠠᠭᠤᠷ ᠬᠤᠲᠠ ᠳᠤ ᠬᠤᠯᠪᠣᠭᠳᠠᠬᠤ 1 ᠬᠤᠪᠢ᠂ ᠦᠬᠠᠢ ᠬᠤᠲᠠ ᠳᠤ ᠬᠤᠯᠪᠣᠭᠳᠠᠬᠤ 1 ᠬᠤᠪᠢ᠂ ᠠᠯᠠᠱᠠ ᠠᠶᠢᠮᠠᠭ  ᠲᠤ ᠬᠤᠯᠪᠣᠭᠳᠠᠬᠤ 1 ᠬᠤᠪᠢ ᠪᠣᠢ᠃ ᠲᠣᠰ ᠪᠦᠯᠦᠭ ᠵᠠᠬᠢᠳᠠᠯ ᠰᠤᠷᠪᠤᠯᠵᠢᠯᠠᠯ ᠢᠶᠠᠷ ᠢᠯᠡᠴᠢᠯᠡᠨ ᠮᠡᠳᠡᠭᠦᠯᠦᠭᠰᠡᠨ ᠬᠡᠷᠡᠭ ᠲᠤ ᠤᠰᠤᠨ ᠤ ᠪᠣᠬᠢᠷᠳᠤᠯ ᠤᠨ ᠬᠡᠷᠡᠭ 3 ᠬᠤᠪᠢ᠂ ᠠᠭᠠᠷ ᠮᠠᠨᠳᠠᠯ ᠤᠨ ᠪᠣᠬᠢᠷᠳᠤᠯ ᠤᠨ ᠬᠡᠷᠡᠭ 2 ᠬᠤᠪᠢ᠂ ᠬᠥᠷᠥᠰᠥ ᠰᠢᠷᠣᠢ ᠶᠢᠨ ᠪᠣᠬᠢᠷᠳᠤᠯ ᠤᠨ ᠬᠡᠷᠡᠭ 5 ᠬᠤᠪᠢ᠂ ᠠᠮᠢ ᠠᠬᠤᠢ ᠶᠢ ᠡᠪᠳᠡᠭᠰᠡᠨ ᠬᠡᠷᠡᠭ 19 ᠬᠤᠪᠢ᠂ ᠱᠤᠤᠭᠢᠶᠠᠨ ᠤ ᠪᠣᠬᠢᠷᠳᠤᠯ ᠤᠨ ᠬᠡᠷᠡᠭ 1 ᠬᠤᠪᠢ ᠪᠣᠢ᠃ ᠲᠤᠬᠠᠢ ᠶᠢᠨ ᠡᠳᠦᠷ᠂ ᠳᠡᠭᠡᠷᠡᠬᠢ ᠵᠠᠬᠢᠳᠠᠯ ᠰᠤᠷᠪᠤᠯᠵᠢᠯᠠᠯ ᠢᠶᠠᠷ ᠢᠯᠡᠴᠢᠯᠡᠨ ᠮᠡᠳᠡᠭᠦᠯᠦᠭᠰᠡᠨ ᠬᠡᠷᠡᠭ ᠢ ᠴᠥᠮ ᠬᠤᠯᠪᠣᠭᠳᠠᠯ ᠪᠦᠬᠦᠢ ᠠᠶᠢᠮᠠᠭ ᠬᠤᠲᠠ ᠳᠤ ᠰᠢᠯᠵᠢᠭᠦᠯᠦᠨ ᠰᠢᠢᠳᠪᠦᠷᠢᠯᠡᠭᠦᠯᠵᠦ ᠪᠠᠶᠢᠨ᠎ᠠ᠃          6 ᠰᠠᠷ᠎ᠠ ᠶᠢᠨ 3 ᠤ ᠡᠳᠦᠷ ᠪᠣᠯᠲᠠᠯ᠎ᠠ᠂ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠶᠠᠳᠤᠭᠠᠷ ᠬᠢᠨᠠᠨ ᠪᠠᠶᠢᠴᠠᠭᠠᠬᠤ ᠳᠤᠭᠤᠶᠢᠯᠠᠩ ᠠᠴᠠ ᠮᠠᠨ ᠤ ᠣᠷᠣᠨ ᠳᠤ ᠵᠠᠬᠢᠳᠠᠯ ᠰᠤᠷᠪᠤᠯᠵᠢᠯᠠᠯ ᠢᠶᠠᠷ ᠢᠯᠡᠴᠢᠯᠡᠨ ᠮᠡᠳᠡᠭᠦᠯᠦᠭᠰᠡᠨ ᠬᠡᠷᠡᠭ ᠢ ᠨᠡᠶᠢᠲᠡ ᠵᠢᠷᠭᠤᠭᠠᠨ ᠪᠦᠯᠦᠭ᠂ 175 ᠬᠤᠪᠢ ︵ᠭᠤᠣᠯᠳᠠᠯᠭ᠎ᠠ ᠲᠠᠢ ᠠᠩᠬᠠᠷᠬᠤ 26 ᠬᠤᠪᠢ︶ ᠶᠢ ᠰᠢᠢᠳᠪᠦᠷᠢᠯᠡᠭᠦᠯᠬᠦ ᠪᠠᠷ ᠲᠤᠰᠢᠶᠠᠵᠠᠢ᠂ ᠡᠭᠦᠨ ᠳᠤ ᠤᠲᠠᠰᠤ ᠪᠠᠷ ᠢᠯᠡᠴᠢᠯᠡᠨ ᠮᠡᠳᠡᠭᠦᠯᠦᠭᠰᠡᠨ ᠬᠡᠷᠡᠭ 119 ᠬᠤᠪᠢ᠂ ᠵᠠᠬᠢᠳᠠᠯ ᠢᠶᠠᠷ ᠢᠯᠡᠴᠢᠯᠡᠨ ᠮᠡᠳᠡᠭᠦᠯᠦᠭᠰᠡᠨ ᠬᠡᠷᠡᠭ 56 ᠬᠤᠪᠢ ᠪᠣᠢ᠃ 175 ᠬᠤᠪᠢ ᠵᠠᠬᠢᠳᠠᠯ ᠰᠤᠷᠪᠤᠯᠵᠢᠯᠠᠯ ᠢᠶᠠᠷ ᠢᠯᠡᠴᠢᠯᠡᠨ ᠮᠡᠳᠡᠭᠦᠯᠦᠭᠰᠡᠨ ᠬᠡᠷᠡᠭ ᠲᠤ ᠬᠥᠬᠡᠬᠤᠲᠠ ᠳᠤ ᠬᠤᠯᠪᠣᠭᠳᠠᠬᠤ 40 ᠬᠤᠪᠢ᠂ ᠪᠤᠭᠤᠲᠤ ᠬᠤᠲᠠ ᠳᠤ ᠬᠤᠯᠪᠣᠭᠳᠠᠬᠤ 8 ᠬᠤᠪᠢ᠂ ᠬᠥᠯᠥᠨ ᠪᠤᠶᠢᠷ ᠬᠤᠲᠠ ᠳᠤ ᠬᠤᠯᠪᠣᠭᠳᠠᠬᠤ 14 ᠬᠤᠪᠢ᠂ ᠬᠢᠩᠭᠠᠨ ᠠᠶᠢᠮᠠᠭ ᠲᠤ ᠬᠤᠯᠪᠣᠭᠳᠠᠬᠤ 9 ᠬᠤᠪᠢ᠂ ᠲᠦᠩᠯᠢᠶᠣᠣ ᠬᠤᠲᠠ ᠳᠤ ᠬᠤᠯᠪᠣᠭᠳᠠᠬᠤ 20 ᠬᠤᠪᠢ᠂ ᠤᠯᠠᠭᠠᠨᠬᠠᠳᠠ ᠬᠤᠲᠠ ᠳᠤ ᠬᠤᠯᠪᠣᠭᠳᠠᠬᠤ 19 ᠬᠤᠪᠢ᠂ ᠰᠢᠯᠢ ᠶᠢᠨ ᠭᠤᠣᠯ ᠠᠶᠢᠮᠠᠭ ᠲᠤ ᠬᠤᠯᠪᠣᠭᠳᠠᠬᠤ 6 ᠬᠤᠪᠢ᠂ ᠤᠯᠠᠭᠠᠨᠴᠠᠪ ᠬᠤᠲᠠ  ᠳᠤ ᠬᠤᠯᠪᠣᠭᠳᠠᠬᠤ 8 ᠬᠤᠪᠢ᠂ ᠣᠷᠳᠣᠰ ᠬᠤᠲᠠ ᠳᠤ ᠬᠤᠯᠪᠣᠭᠳᠠᠬᠤ 27 ᠬᠤᠪᠢ᠂ ᠪᠠᠶᠠᠨᠨᠠᠭᠤᠷ ᠬᠤᠲᠠ ᠳᠤ ᠬᠤᠯᠪᠣᠭᠳᠠᠬᠤ 16 ᠬᠤᠪᠢ᠂ ᠦᠬᠠᠢ ᠬᠤᠲᠠ ᠳᠤ ᠬᠤᠯᠪᠣᠭᠳᠠᠬᠤ 5 ᠬᠤᠪᠢ᠂ ᠠᠯᠠᠱᠠ ᠠᠶᠢᠮᠠᠭ ᠲᠤ ᠬᠤᠯᠪᠣᠭᠳᠠᠬᠤ 3 ᠬᠤᠪᠢ ᠪᠣᠢ᠃ 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ