● ᠬᠥᠳᠡᠭᠡ ᠲᠣᠰᠬᠤᠨ ᠳᠠᠬᠢ ᠬᠡᠷᠡᠭᠴᠡᠭᠡ ᠶᠢ ᠬᠠᠩᠭᠠᠵᠤ ᠳᠡᠶᠢᠯᠬᠦ᠂ ᠦᠨᠡᠯᠡᠯᠲᠡ ᠰᠠᠶᠢᠲᠠᠢ᠂ ᠶᠠᠰᠤ ᠴᠢᠨᠠᠷ ᠢᠶᠠᠷ ᠨᠠᠶᠢᠳᠠᠪᠤᠷᠢᠲᠠᠢ ᠰᠢᠨ᠎ᠡ ᠡᠨᠧᠷᠭᠢ ᠶᠢᠨ | ᠣᠯᠠᠨ ᠵᠦᠢᠯ ᠤᠨ ᠮᠠᠰᠢᠨ ᠲᠡᠷᠭᠡ ︵124 ᠵᠦᠢᠯ ᠤᠨ ᠮᠠᠰᠢᠨ ᠲᠡᠷᠭᠡᠨ ᠤ ᠭᠠᠷᠴᠠᠭ ᠢ ᠠᠷᠤ ᠳᠤ ᠳᠠᠭᠠᠯᠳᠤᠭᠤᠯᠪᠠ︶ ᠶᠢ ᠰᠣᠩᠭᠤᠵᠤ᠂ ᠦᠵᠡᠭᠦᠯᠭᠡ ᠪᠠᠷ ᠦᠵᠡᠭᠦᠯᠬᠦ | ᠪᠠ ᠵᠢᠯᠤᠭᠤᠳᠴᠤ ᠲᠤᠷᠰᠢᠬᠤ ᠵᠡᠷᠭᠡ ᠠᠵᠢᠯᠯᠠᠭ᠎ᠠ ᠨᠤᠭᠤᠳ ᠢ ᠥᠷᠨᠢᠭᠦᠯᠦᠨ᠎ᠡ᠃ | ● ᠰᠢᠨ᠎ᠡ ᠡᠨᠧᠷᠭᠢ ᠶᠢᠨ ᠮᠠᠰᠢᠨ ᠲᠡᠷᠭᠡ ᠶᠢ ᠪᠣᠷᠣᠯᠠᠭᠤᠯᠤᠭᠰᠠᠨ ᠤ ᠳᠠᠷᠠᠭᠠᠬᠢ ᠠᠷᠠᠴᠢᠯᠠᠨ ᠬᠠᠮᠠᠭᠠᠯᠠᠬᠤ ᠦᠢᠯᠡᠴᠢᠯᠡᠭᠡᠨ ᠤ ᠠᠵᠤ ᠠᠬᠤᠶᠢᠯᠠᠯ᠂ | ᠴᠡᠨᠡᠭᠯᠡᠬᠦ ᠪᠠ ᠴᠡᠨᠡᠭ ᠰᠣᠯᠢᠬᠤ ᠦᠢᠯᠡᠴᠢᠯᠡᠭᠡᠨ ᠤ ᠠᠵᠤ ᠠᠬᠤᠶᠢᠯᠠᠯ᠂ ᠳᠠᠭᠠᠳᠬᠠᠯ᠂ ᠢᠲᠡᠭᠡᠮᠵᠢᠲᠦ ᠵᠢᠭᠡᠯᠡᠯᠭᠡ ᠵᠡᠷᠭᠡ ᠮᠥᠩᠭᠦᠨ ᠭᠦᠢᠯᠭᠡᠭᠡᠨ ᠤ ᠦᠢᠯᠡᠴᠢᠯᠡᠭᠡᠨ ᠤ | ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠪᠠᠶᠢᠭᠠᠳ ᠲᠡᠳᠡᠨ ᠯᠦᠭᠡ ᠬᠠᠮᠵᠢᠯᠴᠠᠨ ᠬᠥᠳᠡᠭᠡ ᠳᠤ ᠪᠠᠭᠤᠯᠭᠠᠵᠤ᠂ ᠬᠥᠳᠡᠭᠡ ᠲᠣᠰᠬᠤᠨ ᠳᠠᠬᠢ ᠰᠢᠨ᠎ᠡ ᠡᠨᠧᠷᠭᠢ ᠶᠢᠨ | ᠮᠠᠰᠢᠨ ᠲᠡᠷᠭᠡ ᠬᠡᠷᠡᠭᠯᠡᠬᠦ ᠢᠵᠢ ᠲᠥᠬᠦᠷ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠦᠨ᠎ᠡ᠃ | ● ᠮᠠᠰᠢᠨ ᠲᠡᠷᠭᠡ ᠬᠤᠳᠠᠯᠳᠤᠨ ᠠᠪᠬᠤ ᠭᠠᠶᠢᠯᠢ᠂ ᠲᠡᠷᠭᠡ ᠤᠨᠤᠭ᠎ᠠ ᠶᠢᠨ ᠭᠠᠶᠢᠯᠢ ᠶᠢ ᠬᠠᠰᠤᠵᠤ ᠬᠡᠯᠲᠦᠷᠢᠭᠦᠯᠬᠦ᠂ ᠮᠠᠰᠢᠨ ᠲᠡᠷᠭᠡᠨ ᠤ ᠬᠠᠭᠤᠴᠢᠨ ᠢᠶᠠᠷ | ᠰᠢᠨ᠎ᠡ ᠶᠢ ᠰᠣᠯᠢᠬᠤ᠂ ᠰᠢᠶᠠᠨ ᠤ ᠬᠡᠪᠴᠢᠶᠡᠨ ᠳᠠᠬᠢ ᠴᠡᠨᠡᠭᠯᠡᠬᠦ ᠪᠠ ᠴᠡᠨᠡᠭ ᠰᠣᠯᠢᠬᠤ ᠪᠡᠯᠡᠳᠬᠡᠮᠵᠢ ᠶᠢᠨ ᠳᠤᠲᠠᠭᠤᠳᠠᠯ ᠢ ᠨᠥᠬᠦᠪᠦᠷᠢᠯᠡᠬᠦ ᠵᠡᠷᠭᠡ ᠲᠦᠷᠦ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠮᠠᠰᠢᠨ ᠲᠡᠷᠭᠡᠨ ᠤ ᠠᠵᠤ ᠠᠬᠤᠶᠢᠯᠠᠯ ᠤᠨ ᠦᠢᠯᠡᠳᠬᠦᠨ ᠤ ᠬᠠᠩᠭᠠᠯᠭ᠎ᠠ ᠪᠠᠨ ᠪᠠᠶᠠᠯᠢᠭᠵᠢᠭᠤᠯᠬᠤ᠂ ᠦᠢᠯᠡᠴᠢᠯᠡᠭᠡᠨ ᠤ | ᠲᠦᠪᠰᠢᠨ ᠢᠶᠠᠨ ᠳᠡᠭᠡᠭᠰᠢᠯᠡᠭᠦᠯᠬᠦ ᠶᠢ ᠵᠣᠷᠢᠭᠵᠢᠭᠤᠯᠵᠤ ᠪᠠᠶᠢᠭᠠᠳ ᠬᠥᠳᠡᠭᠡ ᠲᠣᠰᠬᠤᠨ ᠳᠠᠬᠢ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠡᠷᠡᠭᠯᠡᠭᠡ ᠶᠢ ᠢᠳᠡᠪᠬᠢᠲᠡᠢ | ᠥᠷᠭᠡᠳᠬᠡᠨ᠎ᠡ᠃ | |