ᠰᠢᠨᠬᠤᠸᠠ ᠬᠤᠷᠢᠶᠠᠨ ᠤ ᠪᠡᠭᠡᠵᠢᠩ ᠤᠨ 6 ᠳ᠋ᠤᠭᠠᠷ ᠰᠠᠷ᠎ᠠ ᠶᠢᠨ 3 ᠤ ᠡᠳᠦᠷ ᠤᠨ ᠴᠠᠬᠢᠯᠭᠠᠨ ᠮᠡᠳᠡᠭᠡ | ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 6 ᠳ᠋ᠤᠭᠠᠷ ᠰᠠᠷ᠎ᠠ ᠶᠢᠨ 3 ᠤ ᠡᠳᠦᠷ ᠠᠷᠠᠳ ᠤᠨ ᠶᠡᠭᠡ ᠬᠤᠷᠠᠯ ᠤᠨ | ᠲᠠᠩᠬᠢᠮ ᠳᠤ ᠶᠠᠫᠤᠨ ᠤ ᠤᠯᠠᠨ ᠤᠯᠤᠰ ᠤᠨ ᠠᠷᠠᠯᠵᠢᠶ᠎ᠠ ᠶᠢ ᠠᠬᠢᠭᠤᠯᠬᠤ ᠨᠡᠶᠢᠭᠡᠮᠯᠢᠭ ᠤᠨ ᠳᠠᠷᠤᠭ᠎ᠠ ᠺᠣᠣᠨᠣ᠋ ᠶᠣᠣᠾᠧᠢ ᠶᠢᠨ ᠳᠠᠭᠠᠭᠤᠯᠤᠭᠰᠠᠨ ᠳᠤᠮᠳᠠᠳᠤ ᠤᠯᠤᠰ ᠲᠤ | ᠠᠶᠢᠯᠴᠢᠯᠠᠬᠤ ᠪᠦᠯᠬᠦᠮ ᠤᠨ ᠬᠢᠨ ᠲᠠᠢ ᠠᠭᠤᠯᠵᠠᠯᠲᠠ ᠬᠢᠪᠡ᠃ | ᠯᠢ ᠴᠢᠶᠠᠩ ᠢᠯᠡᠷᠬᠡᠶᠢᠯᠡᠬᠦ ᠳᠤ ᠪᠠᠨ᠂ ᠨᠢᠳᠤᠨᠤᠨ ᠤ 11 ᠳ᠋ᠦ᠋ᠭᠡᠷ ᠰᠠᠷ᠎ᠠ ᠳᠤ᠂ ᠲᠡᠷᠢᠭᠦᠯᠡᠭᠴᠢ ᠰᠢ ᠶᠢᠨ ᠫᠢᠩ ᠲᠡᠷᠢᠭᠦᠨ ᠰᠠᠶᠢᠳ ᠢᠰᠢᠪᠠ ᠰᠢᠭᠧᠷᠦ᠋ ᠲᠠᠢ | ᠯᠢᠮᠠ ᠳᠤ ᠠᠭᠤᠯᠵᠠᠯᠲᠠ ᠬᠢᠵᠦ᠂ ᠳᠤᠮᠳᠠᠳᠤ ᠶᠠᠫᠤᠨ ᠤ ᠪᠠᠶᠢᠯᠳᠤᠬᠤ ᠪᠣᠳᠣᠯᠭ᠎ᠠ ᠶᠢᠨ ᠬᠠᠷᠢᠯᠴᠠᠨ ᠠᠰᠢᠭᠲᠠᠢ ᠬᠠᠷᠢᠴᠠᠭ᠎ᠠ ᠶᠢ ᠪᠦᠬᠦ ᠲᠠᠯ᠎ᠠ ᠪᠠᠷ ᠠᠬᠢᠭᠤᠯᠬᠤ ᠬᠡᠮᠡᠨ | ᠰᠠᠨᠠᠯ ᠨᠢᠭᠡᠲᠡᠢ ᠵᠥᠪᠰᠢᠶᠡᠷᠡᠵᠦ᠂ ᠰᠢᠨ᠎ᠡ ᠴᠠᠭ ᠦᠶ᠎ᠡ ᠶᠢᠨ ᠱᠠᠭᠠᠷᠳᠠᠯᠭ᠎ᠠ ᠳᠤ ᠨᠡᠶᠢᠴᠡᠭᠰᠡᠨ ᠳᠤᠮᠳᠠᠳᠤ ᠶᠠᠫᠤᠨ ᠤ ᠪᠦᠲᠦᠭᠡᠯᠴᠢ᠂ ᠲᠣᠭᠲᠠᠭᠤᠨ ᠬᠠᠷᠢᠴᠠᠭ᠎ᠠ ᠶᠢ | ᠪᠠᠶᠢᠭᠤᠯᠬᠤ ᠪᠠᠷ ᠴᠢᠷᠮᠠᠶᠢᠵᠤ᠂ ᠬᠤᠶᠠᠷ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠳᠤ ᠶᠡᠭᠡ ᠴᠢᠭᠯᠡᠯ ᠢ ᠵᠢᠭᠠᠵᠤ ᠥᠭᠪᠡ᠃ ᠳᠤᠮᠳᠠᠳᠤ ᠶᠠᠫᠤᠨ ᠬᠤᠶᠠᠷ ᠤᠯᠤᠰ ᠪᠣᠯ | ᠨᠡᠭᠦᠯᠭᠡᠵᠦ ᠴᠢᠳᠠᠰᠢ ᠦᠭᠡᠢ ᠬᠥᠷᠰᠢ ᠤᠯᠤᠰ ᠮᠥᠨ᠂ ᠨᠡᠭᠦᠯᠭᠡᠵᠦ ᠴᠢᠳᠠᠬᠤ ᠦᠭᠡᠢ ᠶᠤᠮ ᠴᠢᠨᠢ ᠰᠠᠶᠢᠨ ᠬᠥᠷᠰᠢ᠂ ᠰᠠᠶᠢᠨ ᠬᠠᠨᠢᠲᠠᠨ ᠪᠣᠯᠬᠤ ᠬᠡᠷᠡᠭᠲᠡᠢ᠃ | ᠳᠤᠮᠳᠠᠳᠤ ᠶᠢᠨ ᠲᠠᠯ᠎ᠠ ᠶᠢᠨ ᠬᠢᠨ ᠳᠤᠷᠠᠲᠠᠶ᠎ᠠ ᠶᠠᠫᠤᠨ ᠤ ᠡᠯ᠎ᠡ ᠡᠲᠡᠭᠡᠳ ᠤᠨ ᠬᠢᠨ ᠲᠠᠢ ᠢᠳᠡᠪᠬᠢᠲᠡᠢ ᠬᠥᠳᠡᠯᠦᠯᠴᠡᠵᠦ᠂ ︽ᠬᠠᠮᠲᠤᠷᠠᠯᠴᠠᠭᠠᠨ ᠤ ᠬᠠᠨᠢᠲᠠᠨ ᠪᠣᠯᠵᠠᠭᠠᠵᠤ᠂ | ᠬᠠᠷᠢᠯᠴᠠᠨ ᠰᠦᠷᠳᠡᠭᠦᠯᠬᠦ ᠦᠭᠡᠢ︾ ᠤᠯᠤᠰ ᠲᠦᠷᠦ ᠶᠢᠨ ᠬᠠᠮᠲᠤ ᠶᠢᠨ ᠲᠠᠨᠢᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠨᠡᠩ ᠤᠯᠠᠨ ᠪᠣᠳᠠᠲᠠᠢ ᠶᠢ ᠡᠷᠬᠢᠮᠯᠡᠭᠰᠡᠨ | ᠬᠠᠮᠲᠤᠷᠠᠯᠴᠠᠭᠠᠨ ᠤ ᠦᠷ᠎ᠡ ᠪᠦᠲᠦᠭᠡᠯ ᠢ ᠣᠯᠵᠤ᠂ ᠬᠤᠶᠠᠷ ᠤᠯᠤᠰ ᠤᠨ ᠤᠯᠤᠰ ᠲᠦᠷᠦ ᠶᠢᠨ ᠢᠲᠡᠭᠡᠯᠴᠡᠭᠡ ᠪᠠ ᠠᠷᠠᠳ ᠤᠨ ᠬᠤᠭᠤᠷᠣᠨᠳᠣᠬᠢ ᠨᠥᠬᠦᠷᠯᠡᠯ ᠤᠨ | ᠰᠠᠭᠤᠷᠢ ᠶᠢ ᠪᠠᠬᠢᠵᠢᠭᠦᠯᠦᠨ᠎ᠡ᠃ ᠶᠠᠫᠤᠨ ᠤ ᠲᠠᠯ᠎ᠠ ᠶᠢᠨ ᠬᠢᠨ ᠳᠤ ᠳᠤᠮᠳᠠᠳᠤ ᠶᠢᠨ ᠲᠠᠯ᠎ᠠ ᠶᠢᠨ ᠬᠢᠨ ᠲᠠᠢ ᠬᠠᠮᠲᠤ ᠪᠠᠷ ᠵᠥᠷᠢᠯᠳᠦᠭᠡᠨ ᠢᠶᠠᠨ ᠪᠦᠲᠦᠭᠡᠯᠴᠢ ᠪᠠᠷ | ᠬᠠᠮᠢᠶᠠᠷᠤᠨ ᠡᠵᠡᠮᠳᠡᠵᠦ᠂ ᠬᠤᠶᠠᠷ ᠤᠯᠤᠰ ᠤᠨ ᠬᠠᠷᠢᠴᠠᠭ᠎ᠠ ᠶᠢᠨ ᠵᠥᠪ ᠴᠢᠭᠯᠡᠯ ᠢ ᠪᠠᠲᠤ ᠡᠵᠡᠮᠳᠡᠵᠦ᠂ ᠬᠤᠶᠠᠷ ᠲᠠᠯ᠎ᠠ ᠶᠢᠨ ᠬᠠᠷᠢᠴᠠᠭ᠎ᠠ ᠶᠢᠨ ᠡᠷᠡᠭᠦᠯ ᠲᠣᠭᠲᠠᠭᠤᠨ | ᠬᠥᠭᠵᠢᠯᠲᠡ ᠪᠠᠨ ᠠᠬᠢᠭᠤᠯᠬᠤ ᠶᠢ ᠬᠦᠰᠡᠵᠦ ᠪᠠᠶᠢᠨ᠎ᠠ ᠭᠡᠵᠡᠢ᠃ | ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 6 ᠳ᠋ᠤᠭᠠᠷ ᠰᠠᠷ᠎ᠠ ᠶᠢᠨ 3 ᠤ ᠡᠳᠦᠷ ᠪᠡᠭᠡᠵᠢᠩ ᠤᠨ ᠠᠷᠠᠳ ᠤᠨ ᠶᠡᠭᠡ | ᠬᠤᠷᠠᠯ ᠤᠨ ᠲᠠᠩᠬᠢᠮ ᠳᠤ ᠶᠠᠫᠤᠨ ᠤ ᠣᠯᠠᠨ ᠤᠯᠤᠰ ᠤᠨ ᠠᠷᠠᠯᠵᠢᠶ᠎ᠠ ᠶᠢ ᠠᠬᠢᠭᠤᠯᠬᠤ ᠨᠡᠶᠢᠭᠡᠮᠯᠢᠭ ᠤᠨ ᠳᠠᠷᠤᠭ᠎ᠠ ᠺᠣᠣᠨᠣ᠋ ᠶᠣᠣᠾᠧᠢ ᠶᠢᠨ ᠳᠠᠭᠠᠭᠤᠯᠤᠭᠰᠠᠨ ᠳᠤᠮᠳᠠᠳᠤ | ᠤᠯᠤᠰ ᠲᠤ ᠠᠶᠢᠯᠴᠢᠯᠠᠬᠤ ᠪᠦᠯᠬᠦᠮ ᠤᠨ ᠬᠢᠨ ᠲᠠᠢ ᠠᠭᠤᠯᠵᠠᠯᠲᠠ ᠬᠢᠪᠡ᠃ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠯᠢᠦ ᠪᠢᠨ ᠰᠡᠭᠦᠳᠡᠷᠯᠡᠪᠡ | ᠯᠢ ᠴᠢᠶᠠᠩ ᠵᠢᠭᠠᠵᠤ ᠭᠠᠷᠭᠠᠬᠤ ᠳᠤ ᠪᠠᠨ᠂ ᠣᠳᠣᠬᠠᠨ ᠤ ᠳᠡᠯᠡᠬᠡᠢ ᠶᠢᠨ ᠪᠠᠶᠢᠳᠠᠯ ᠳᠤ ᠶᠠᠭ ᠭᠦᠨᠵᠡᠭᠡᠢ ᠪᠥᠭᠡᠳ ᠪᠤᠳᠤᠯᠢᠶᠠᠨᠲᠠᠢ ᠬᠤᠪᠢᠷᠠᠯᠲᠠ ᠭᠠᠷᠴᠤ᠂ | ᠡᠯ᠎ᠡ ᠤᠯᠤᠰ ᠤᠨ ᠠᠵᠤ ᠠᠬᠤᠢ ᠶᠢᠨ ᠬᠥᠭᠵᠢᠯᠲᠡ ᠳᠤ ᠮᠠᠰᠢ ᠬᠠᠲᠠᠭᠤ ᠰᠢᠯᠭᠠᠯᠲᠠ ᠤᠴᠠᠷᠠᠭᠤᠯᠵᠤ ᠪᠠᠶᠢᠨ᠎ᠠ᠃ ᠳᠤᠮᠳᠠᠳᠤ ᠶᠠᠫᠤᠨ ᠤ ᠬᠠᠮᠲᠤᠷᠠᠯᠴᠠᠭ᠎ᠠ ᠪᠠᠨ | ᠭᠦᠨᠵᠡᠭᠡᠶᠢᠷᠡᠭᠦᠯᠬᠦ ᠳᠤ ᠮᠠᠰᠢ ᠤᠯᠠᠨ ᠣᠨᠴᠠᠭᠠᠢ ᠳᠠᠪᠠᠭᠤᠯᠢᠭ ᠲᠠᠢ ᠪᠠᠶᠢᠳᠠᠭ᠂ ᠣᠨᠴᠠᠭᠠᠶᠢᠯᠠᠨ ᠠᠵᠤ ᠦᠢᠯᠡᠰ ᠤᠨ ᠬᠠᠷᠢᠯᠴᠠᠨ ᠨᠥᠬᠦᠪᠦᠷᠢᠯᠡᠬᠦ ᠴᠢᠨᠠᠷ ᠢᠶᠠᠷ ᠴᠢᠩᠭ᠎ᠠ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢᠨ ᠬᠦᠷᠢᠶᠡᠨ ᠳᠤ ᠥᠪᠡᠷᠰᠡᠳ ᠤᠨ ᠢᠶᠠᠨ ᠳᠠᠪᠠᠭᠤᠯᠢᠭ ᠲᠠᠢ ᠶᠤᠮ᠃ ᠬᠤᠶᠠᠷ ᠲᠠᠯ᠎ᠠ ᠪᠠᠷ ᠢᠶᠠᠨ | ᠡᠳᠡᠭᠡᠷ ᠳᠠᠪᠠᠭᠤᠯᠢᠭ ᠢᠶᠠᠨ ᠰᠠᠶᠢᠲᠤᠷ ᠠᠰᠢᠭᠯᠠᠵᠤ᠂ ᠠᠵᠤ ᠦᠢᠯᠡᠰ ᠤᠨ ᠵᠣᠯᠭᠠᠯᠴᠠᠭ᠎ᠠ ᠠᠭᠤᠰᠤᠯᠴᠠᠯ ᠢᠶᠠᠨ ᠴᠢᠩᠭᠠᠳᠬᠠᠵᠤ᠂ ᠠᠷᠠᠯᠵᠢᠶ᠎ᠠ ᠪᠠ ᠪᠡᠯᠡ | ᠣᠷᠣᠭᠤᠯᠤᠯᠲᠠ ᠶᠢᠨ ᠬᠡᠪᠴᠢᠶ᠎ᠡ ᠪᠠᠨ ᠥᠷᠭᠡᠳᠬᠡᠵᠦ᠂ ᠳ᠋ᠢᠭᠢᠲ ᠠᠵᠤ ᠠᠬᠤᠢ᠂ ᠪᠣᠬᠢᠷᠲᠤᠯ ᠦᠭᠡᠢ ᠠᠵᠤ ᠠᠬᠤᠢ᠂ ᠠᠮᠢᠳᠤ ᠪᠣᠳᠠᠰ ᠤᠨ ᠡᠮ ᠡᠮᠨᠡᠯᠭᠡ ᠵᠡᠷᠭᠡ | ᠰᠢᠨ᠎ᠡ ᠪᠠᠷ ᠮᠠᠨᠳᠤᠵᠤ ᠪᠠᠶᠢᠭ᠎ᠠ ᠬᠦᠷᠢᠶ᠎ᠡ ᠪᠠ ᠭᠤᠷᠪᠠᠳᠤᠭᠠᠷ ᠲᠠᠯ᠎ᠠ ᠶᠢᠨ ᠵᠠᠬ᠎ᠠ ᠳᠡᠯᠭᠡᠭᠦᠷ ᠤᠨ ᠬᠠᠮᠲᠤᠷᠠᠯᠴᠠᠭ᠎ᠠ ᠶᠢ ᠥᠷᠭᠡᠳᠬᠡᠵᠦ᠂ ᠨᠡᠩ ᠥᠨᠳᠥᠷ ᠲᠦᠪᠰᠢᠨ | ᠪᠦᠬᠦᠢ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ ᠶᠢ ᠪᠡᠶᠡᠯᠡᠭᠦᠯᠬᠦ ᠪᠠᠷ ᠳᠠᠮᠵᠢᠭᠤᠯᠤᠨ᠂ ᠲᠤᠰ ᠲᠤᠰ ᠤᠨ ᠬᠥᠭᠵᠢᠯᠲᠡ ᠳᠤ ᠪᠠᠨ ᠨᠡᠩ ᠤᠯᠠᠨ | ᠬᠥᠳᠡᠯᠭᠡᠭᠴᠢ ᠬᠦᠴᠦᠨ ᠨᠡᠮᠡᠷᠢᠯᠡᠵᠦ᠂ ᠳᠡᠯᠡᠬᠡᠢ ᠶᠢᠨ ᠠᠵᠤ ᠠᠬᠤᠢ ᠶᠢᠨ ᠨᠡᠮᠡᠭᠳᠡᠯ ᠳᠤ ᠨᠡᠩ ᠶᠡᠭᠡ ᠬᠤᠪᠢ ᠨᠡᠮᠡᠷᠢ ᠦᠵᠡᠭᠦᠯᠵᠡᠭᠡᠶ᠎ᠡ᠃ ᠳᠤᠮᠳᠠᠳᠤ ᠤᠯᠤᠰ ᠥᠨᠳᠥᠷ | ᠲᠦᠪᠰᠢᠨ ᠪᠦᠬᠦᠢ ᠨᠡᠭᠡᠭᠡᠯᠲᠡ ᠪᠠᠨ ᠡᠷᠡᠰ ᠥᠷᠭᠡᠳᠬᠡᠵᠦ᠂ ᠶᠠᠫᠤᠨ ᠤ ᠠᠵᠤ ᠠᠬᠤᠶᠢᠯᠠᠯ ᠢ ᠪᠠᠭᠲᠠᠭᠠᠭᠰᠠᠨ ᠨᠡᠩ ᠤᠯᠠᠨ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ | ᠳᠤᠮᠳᠠᠳᠤ ᠤᠯᠤᠰ ᠲᠤ ᠢᠷᠡᠵᠤ ᠬᠥᠭᠵᠢᠬᠦ ᠶᠢ ᠪᠠᠶᠠᠷᠯᠠᠨ ᠤᠭᠲᠤᠨ᠎ᠠ᠃ ᠶᠠᠫᠤᠨ ᠤ ᠤᠯᠠᠨ ᠤᠯᠤᠰ ᠤᠨ ᠠᠷᠠᠯᠵᠢᠶ᠎ᠠ ᠶᠢ ᠠᠬᠢᠭᠤᠯᠬᠤ ᠨᠡᠶᠢᠭᠡᠮᠯᠢᠭ ᠤᠨ ᠬᠢᠨ ᠳᠤ ᠬᠤᠶᠠᠷ | ᠤᠯᠤᠰ ᠤᠨ ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ᠂ ᠨᠥᠬᠦᠷᠰᠡᠭ ᠢᠲᠡᠭᠡᠯᠴᠡᠭᠡ ᠪᠠᠨ ᠴᠢᠩᠭᠠᠷᠠᠭᠤᠯᠬᠤ ᠳᠤ ᠦᠷᠭᠦᠯᠵᠢᠯᠡᠨ | ᠢᠳᠡᠪᠬᠢᠲᠡᠢ ᠦᠢᠯᠡᠳᠦᠯ ᠦᠵᠡᠭᠦᠯᠬᠦ ᠶᠢ ᠬᠦᠰᠡᠵᠦ ᠪᠠᠶᠢᠨ᠎ᠠ᠂ ᠪᠠᠰᠠ ᠶᠠᠫᠤᠨ ᠤ ᠡᠯ᠎ᠡ ᠡᠲᠡᠭᠡᠳ ᠤᠨ ᠬᠢᠨ ᠤ ᠳᠤᠮᠳᠠᠳᠤ ᠤᠯᠤᠰ ᠯᠤᠭ᠎ᠠ ᠰᠣᠶᠣᠯ᠂ ᠵᠢᠭᠤᠯᠴᠢᠯᠠᠯ᠂ | ᠪᠡᠶ᠎ᠡ ᠶᠢᠨ ᠲᠠᠮᠢᠷ᠂ ᠵᠠᠯᠠᠭᠤᠴᠤᠳ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠬᠦᠷᠢᠶᠡᠨ ᠳᠠᠬᠢ ᠰᠣᠯᠢᠯᠴᠠᠭ᠎ᠠ ᠪᠠᠨ ᠴᠢᠩᠭᠠᠳᠬᠠᠬᠤ ᠶᠢ ᠪᠠᠶᠠᠷᠯᠠᠨ | ᠤᠭᠲᠤᠵᠤ ᠪᠠᠶᠢᠨ᠎ᠠ ᠭᠡᠵᠡᠢ᠃ | ᠺᠣᠣᠨᠣ᠋ ᠶᠣᠣᠾᠧᠢ ᠢᠯᠡᠷᠬᠡᠶᠢᠯᠡᠬᠦ ᠳᠤ ᠪᠠᠨ᠂ ᠳᠤᠮᠳᠠᠳᠤ ᠤᠯᠤᠰ ᠪᠣᠯ ᠶᠠᠫᠤᠨ ᠤ ᠠᠵᠤ ᠠᠬᠤᠢ ᠠᠷᠠᠯᠵᠢᠶᠠᠨ ᠤ ᠬᠠᠮᠲᠤᠷᠠᠯᠴᠠᠭᠠᠨ ᠤ ᠬᠠᠮᠤᠭ ᠤᠨ ᠴᠢᠬᠤᠯᠠ | ᠬᠠᠨᠢᠲᠠᠨ ᠮᠥᠨ᠂ ᠳᠤᠮᠳᠠᠳᠤ ᠤᠯᠤᠰ ᠤᠨ ᠠᠵᠤ ᠠᠬᠤᠢ ᠬᠦᠴᠦᠷᠬᠡᠭ ᠶᠡᠭᠡ ᠳᠣᠲᠣᠭᠠᠳᠤ ᠬᠥᠳᠡᠯᠭᠡᠭᠴᠢ ᠬᠦᠴᠦᠨ ᠪᠠ ᠤᠶᠠᠨ ᠬᠠᠳᠠᠨ ᠴᠢᠨᠠᠷ ᠲᠠᠢ ᠶᠤᠮ᠃ | ᠣᠳᠣᠬᠠᠨ ᠤ ᠲᠣᠭᠲᠠᠪᠤᠷᠢ ᠦᠭᠡᠢ ᠴᠢᠨᠠᠷ ᠢᠶᠠᠷ ᠳᠦᠭᠦᠷᠦᠭᠰᠡᠨ ᠳᠡᠯᠡᠬᠡᠢ ᠶᠢᠨ ᠪᠠᠶᠢᠳᠠᠯ ᠳᠣᠣᠷ᠎ᠠ᠂ ᠶᠠᠫᠤᠨ ᠳᠤᠮᠳᠠᠳᠤ ᠬᠤᠶᠠᠷ ᠤᠯᠤᠰ ᠨᠡᠪᠲᠡᠷᠡᠯᠴᠡᠭᠡ | ᠵᠣᠬᠢᠴᠠᠭᠤᠯᠭ᠎ᠠ ᠪᠠᠨ ᠴᠢᠩᠭᠠᠳᠬᠠᠵᠤ᠂ ᠤᠯᠠᠨ ᠲᠠᠯᠠᠲᠤ ᠦᠵᠡᠯ ᠪᠠ ᠴᠢᠯᠦᠭᠡᠲᠦ ᠠᠷᠠᠯᠵᠢᠶᠠᠨ ᠤ ᠲᠣᠭᠲᠠᠯᠴᠠᠭ᠎ᠠ ᠶᠢ ᠬᠠᠮᠲᠤ ᠪᠠᠷ ᠬᠠᠮᠠᠭᠠᠯᠠᠪᠠᠯ ᠵᠣᠬᠢᠨ᠎ᠠ᠃ ᠶᠠᠫᠤᠨ ᠤ | ᠤᠯᠠᠨ ᠤᠯᠤᠰ ᠤᠨ ᠠᠷᠠᠯᠵᠢᠶ᠎ᠠ ᠶᠢ ᠠᠬᠢᠭᠤᠯᠬᠤ ᠨᠡᠶᠢᠭᠡᠮᠯᠢᠭ ᠤᠷᠳᠤ ᠬᠤᠭᠤᠴᠠᠭᠠᠨ ᠤ ᠲᠤᠷᠰᠢ ᠶᠠᠫᠤᠨ ᠳᠤᠮᠳᠠᠳᠤ ᠶᠢᠨ ᠨᠥᠬᠦᠷᠯᠡᠯ ᠤᠨ ᠲᠥᠯᠥᠭᠡ ᠵᠢᠳᠬᠦᠵᠦ᠂ | ᠳᠤᠷᠠᠲᠠᠶ᠎ᠠ ᠳᠤᠮᠳᠠᠳᠤ ᠤᠯᠤᠰ ᠯᠤᠭ᠎ᠠ ᠰᠣᠯᠢᠯᠴᠠᠭ᠎ᠠ ᠪᠠᠨ ᠦᠷᠭᠦᠯᠵᠢᠯᠡᠨ ᠥᠷᠭᠡᠳᠬᠡᠵᠦ᠂ ᠣᠶᠢᠯᠠᠭᠠᠯᠴᠠᠭ᠎ᠠ ᠪᠠᠨ ᠨᠡᠮᠡᠭᠳᠡᠭᠦᠯᠵᠦ᠂ ᠬᠤᠶᠠᠷ ᠤᠯᠤᠰ ᠤᠨ ᠠᠷᠠᠳ | ᠤᠯᠠᠨ ᠤ ᠬᠠᠶᠢᠷ᠎ᠠ ᠰᠡᠳᠬᠢᠯᠭᠡ ᠶᠢ ᠵᠤᠵᠠᠭᠠᠳᠬᠠᠬᠤ᠂ ᠲᠠᠨᠢᠨ ᠮᠡᠳᠡᠷᠡᠬᠦᠢ ᠶᠢ ᠰᠠᠶᠢᠵᠢᠷᠠᠭᠤᠯᠬᠤ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠠᠬᠢᠭᠤᠯᠬᠤ ᠳᠤ | ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ ᠭᠡᠪᠡ᠃ | ᠦ᠋ ᠵᠧᠩ ᠯᠦᠩ ᠠᠭᠤᠯᠵᠠᠯᠲᠠ ᠳᠤ ᠣᠷᠣᠯᠴᠠᠪᠠ᠃ | |