ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠤᠯᠤᠰ ᠤᠨ ᠥᠮᠴᠢᠯᠡᠯᠲᠦ ᠬᠠᠨᠳᠠᠭᠠᠢ ᠣᠶ ᠰᠢᠭᠤᠢ ᠶᠢᠨ ᠲᠠᠯᠠᠪᠠᠶ ᠶᠢᠨ ᠬᠡᠰᠡᠭ ᠣᠶᠢᠵᠢᠭᠤᠯᠤᠯᠲᠠ ᠶᠢᠨ ᠣᠷᠣᠨ ᠳᠤ ᠪᠡᠯᠴᠢᠭᠡᠷᠯᠡᠭᠦᠯᠬᠦ ᠶᠢ ᠪᠦᠬᠦ ᠲᠠᠯ᠎ᠠ ᠪᠠᠷ ᠵᠣᠭᠰᠤᠭᠠᠬᠤ ᠲᠤᠬᠠᠢ ᠵᠠᠷᠯᠠᠯ
ᠨᠡᠶᠢᠲᠡᠯᠡᠭᠰᠡᠨ ᠴᠠᠭ᠄
2025/6/4
          ︽ᠤᠯᠤᠰ ᠤᠨ ᠥᠮᠴᠢᠯᠡᠯᠲᠦ ᠣᠶ ᠰᠢᠭᠤᠢ ᠶᠢᠨ ᠲᠠᠯᠠᠪᠠᠶ ᠶᠢᠨ ᠬᠠᠮᠢᠶᠠᠷᠤᠯᠲᠠ ᠬᠠᠮᠠᠭᠠᠯᠠᠯᠲᠠ ᠬᠥᠭᠵᠢᠯᠲᠡ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠶᠢᠨ ᠳᠠᠷᠤᠭ᠎ᠠ ᠶᠢᠨ ᠳᠦᠷᠢᠮ ᠤᠨ ᠠᠯᠪᠠᠨ ᠭᠡᠷ ᠤᠨ ᠮᠡᠳᠡᠭᠳᠡᠯ︾᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠣᠶ ᠰᠢᠭᠤᠢ ᠨᠤᠲᠤᠭ ᠪᠡᠯᠴᠢᠭᠡᠷ ᠢ ᠡᠪᠳᠡᠵᠦ ᠬᠠᠤᠯᠢ ᠲᠣᠭᠲᠠᠭᠠᠯ  ᠠᠴᠠ ᠵᠥᠷᠢᠴᠡᠭᠰᠡᠨ ᠦᠶᠯᠡ ᠠᠵᠢᠯᠯᠠᠭ᠎ᠠ ᠨᠤᠭᠤᠳ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠲᠥᠰᠥᠯ︾᠂ ︽ᠬᠥᠯᠥᠨ ᠪᠤᠶᠢᠷ ᠬᠤᠲᠠ ᠶᠢᠨ ᠣᠶ ᠰᠢᠭᠤᠢ ᠨᠤᠲᠤᠭ ᠪᠡᠯᠴᠢᠭᠡᠷ ᠨᠤᠭᠤ ᠭᠠᠵᠠᠷ ᠢ ᠡᠪᠳᠡᠵᠦ ᠬᠠᠤᠯᠢ ᠲᠣᠭᠲᠠᠭᠠᠯ  ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠲᠥᠰᠥᠯ︾᠂ ︽ᠰᠢᠨ᠎ᠡ ᠪᠠᠷᠭᠤ ᠵᠡᠭᠦᠨ ᠬᠤᠰᠢᠭᠤᠨ ᠤ ᠣᠶ ᠰᠢᠭᠤᠢ ᠨᠤᠲᠤᠭ ᠪᠡᠯᠴᠢᠭᠡᠷ ᠨᠤᠭᠤ ᠭᠠᠵᠠᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠲᠥᠰᠥᠯ︾ ᠢ ᠦᠨᠳᠦᠰᠦᠯᠡᠵᠦ᠂ ᠤᠯᠤᠰ ᠤᠨ ᠥᠮᠴᠢᠯᠡᠯᠲᠦ ᠣᠶᠢᠲᠤ ᠭᠠᠵᠠᠷ ᠢ ᠬᠠᠤᠯᠢ ᠪᠤᠰᠤ ᠪᠠᠷ ᠡᠵᠡᠯᠡᠬᠦ ᠪᠠ ᠡᠪᠳᠡᠬᠦ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠣᠶᠢᠲᠤ ᠭᠠᠵᠠᠷ ᠤᠨ ᠡᠬᠢ ᠪᠠᠶᠠᠯᠢᠭ ᠢ ᠳᠦᠷᠢᠮᠵᠢᠭᠦᠨ ᠬᠡᠷᠡᠭᠯᠡᠬᠦ ᠶᠢ ᠪᠡᠶᠡᠯᠡᠭᠦᠯᠬᠦ ᠶᠢᠨ ᠲᠥᠯᠥᠭᠡ᠂ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠤᠯᠤᠰ ᠤᠨ ᠥᠮᠴᠢᠯᠡᠯᠲᠦ ᠬᠠᠨᠳᠠᠭᠠᠢ ᠣᠶ ᠰᠢᠭᠤᠢ ᠶᠢᠨ ᠲᠠᠯᠠᠪᠠᠶ ᠶᠢᠨ ᠤᠢ ᠰᠢᠭᠤᠢ ᠶᠢᠨ ᠡᠷᠬᠡ ᠶᠢᠨ ᠦᠨᠡᠮᠯᠡᠯ ᠤᠨ ᠬᠡᠪᠴᠢᠶᠡᠨ ᠳᠠᠬᠢ ᠬᠡᠰᠡᠭ ᠣᠶᠢᠵᠢᠭᠤᠯᠤᠯᠲᠠ ᠶᠢᠨ ᠣᠷᠣᠨ ᠳᠤ ᠪᠡᠯᠴᠢᠭᠡᠷᠯᠡᠭᠦᠯᠬᠦ ᠶᠢ ᠪᠦᠬᠦ ᠲᠠᠯ᠎ᠠ ᠪᠠᠷ ᠵᠣᠭᠰᠤᠭᠠᠬᠤ ᠪᠠᠷ ᠲᠣᠭᠲᠠᠪᠠ᠃          ᠨᠢᠭᠡ᠂ ᠪᠡᠯᠴᠢᠭᠡᠷᠯᠡᠭᠦᠯᠬᠦ ᠶᠢ ᠵᠣᠭᠰᠤᠭᠠᠬᠤ ᠣᠷᠣᠨ ᠬᠡᠪᠴᠢᠶ᠎ᠡ 
新巴尔虎左旗人民政府关于在国有罕达盖林场部分林业施业区实施全面禁牧的通告(蒙古文)_02.png
           ᠬᠤᠶᠠᠷ᠂ ᠪᠣᠳᠠᠲᠠᠢ ᠱᠠᠭᠠᠷᠳᠠᠯᠭ᠎ᠠ          ᠳᠡᠭᠡᠷ᠎ᠡ ᠲᠣᠳᠣᠷᠬᠠᠶᠢᠯᠠᠭᠰᠠᠨ ᠪᠡᠯᠴᠢᠭᠡᠷᠯᠡᠭᠦᠯᠬᠦ ᠶᠢ ᠵᠣᠭᠰᠤᠭᠠᠬᠤ ᠣᠷᠣᠨ ᠳᠤ ᠮᠠᠯ ᠢᠶᠠᠨ ᠪᠡᠯᠴᠢᠭᠡᠵᠦ ᠪᠠᠶᠢᠭ᠎ᠠ ᠪᠣᠶ ᠪᠦᠬᠦᠢ ᠮᠠᠯᠴᠢᠨ ᠡᠷᠦᠬᠡ ᠡᠷᠬᠡᠪᠰᠢ 2025 ᠣᠨ ᠤ 6 ᠳ᠋ᠤᠭᠠᠷ ᠰᠠᠷ᠎ᠠ ᠶᠢᠨ 5 ᠤ ᠡᠳᠦᠷ ᠤᠨ ᠦᠳᠡ ᠶᠢᠨ ᠡᠮᠦᠨᠡᠬᠢ 7 ᠴᠠᠭ ᠠᠴᠠ ᠡᠮᠦᠨ᠎ᠡ᠂ ᠦᠬᠡᠷ᠂ ᠬᠤᠨᠢ ᠵᠡᠷᠭᠡ ᠪᠦᠭᠦᠳᠡ ᠮᠠᠯ ᠢᠶᠠᠨ ᠥᠪᠡᠰᠦᠪᠡᠨ ᠰᠢᠯᠵᠢᠭᠦᠯᠦᠨ ᠭᠠᠷᠭᠠᠬᠤ ᠬᠡᠷᠡᠭᠲᠡᠢ᠂ ᠰᠢᠭᠤᠢ ᠶᠢᠨ ᠳᠤᠮᠳᠠᠬᠢ ᠪᠡᠯᠴᠢᠭᠡᠷ ᠢ ᠬᠠᠤᠯᠢ ᠪᠤᠰᠤ ᠪᠠᠷ ᠡᠵᠡᠯᠡᠵᠦ ᠮᠠᠯ ᠢᠶᠠᠨ ᠪᠡᠯᠴᠢᠭᠡᠷᠯᠡᠭᠦᠯᠬᠦ ᠶᠢ ᠴᠢᠩᠭ᠎ᠠ ᠴᠠᠭᠠᠵᠠᠯᠠᠨ᠎ᠠ᠃ ᠤᠯᠤᠰ ᠤᠨ ᠥᠮᠴᠢᠯᠡᠯᠲᠦ ᠬᠠᠨᠳᠠᠭᠠᠢ ᠣᠶ ᠰᠢᠭᠤᠢ ᠶᠢᠨ ᠲᠠᠯᠠᠪᠠᠶ ᠪᠡᠯᠴᠢᠭᠡᠷᠯᠡᠭᠦᠯᠬᠦ ᠶᠢ ᠵᠣᠭᠰᠤᠭᠠᠬᠤ ᠣᠷᠣᠨ ᠳᠠᠬᠢ ᠰᠢᠭᠤᠢ ᠶᠢᠨ ᠳᠤᠮᠳᠠᠬᠢ ᠪᠡᠯᠴᠢᠭᠡᠷ ᠢ ᠬᠠᠮᠢᠶᠠᠷᠤᠨ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠵᠦ᠂ ᠬᠤᠰᠢᠭᠤᠨ ᠤ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠬᠠᠨᠳᠠᠭᠠᠢ ᠣᠶ ᠰᠢᠭᠤᠢ ᠶᠢᠨ ᠲᠠᠯᠠᠪᠠᠶ ᠶᠢᠨ ᠰᠢᠭᠤᠢ ᠶᠢᠨ ᠳᠤᠮᠳᠠᠬᠢ ᠪᠡᠯᠴᠢᠭᠡᠷ ᠢ ᠬᠠᠤᠯᠢ ᠶᠣᠰᠣᠭᠠᠷ ᠪᠥᠬᠦ ᠲᠠᠯ᠎ᠠ ᠪᠠᠷ ᠴᠡᠭᠴᠡᠯᠡᠬᠦ ᠶᠢ ᠬᠠᠪᠰᠤᠷᠤᠨ ᠭᠦᠢᠴᠡᠳᠬᠡᠨ᠎ᠡ᠂ ᠶᠠᠮᠠᠷᠪᠠ ᠬᠤᠪᠢ ᠬᠥᠮᠥᠨ ᠠᠯᠪᠠᠨ ᠠᠵᠢᠯᠲᠠᠳ ᠤᠨ ᠠᠵᠢᠯ ᠢ ᠬᠠᠷᠰᠢᠯᠠᠵᠤ ᠪᠣᠯᠬᠤ ᠦᠭᠡᠢ᠂ ᠡᠰᠡ ᠲᠡᠭᠡᠪᠡᠯ ᠬᠤᠯᠪᠣᠭᠳᠠᠯ ᠪᠦᠬᠦᠢ ᠬᠠᠤᠯᠢ ᠴᠠᠭᠠᠵᠠ ᠶᠢ ᠦᠨᠳᠦᠰᠦᠯᠡᠵᠦ ᠰᠢᠢᠳᠬᠡᠯ ᠥᠭᠭᠦᠨ᠎ᠡ᠃
图片1.png
              ᠡᠭᠦᠨ ᠤ ᠲᠤᠯᠠ ᠣᠨᠴᠠᠭᠠᠶᠢᠯᠠᠨ ᠵᠠᠷᠯᠠᠪᠠ                                       ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ                                                2025 ᠣᠨ ᠤ 5 ᠰᠠᠷ᠎ᠠ ᠶᠢᠨ 29 ᠤ ᠡᠳᠦᠷ
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ