ᠵᠢᠪᠬᠤᠯᠠᠩᠲᠤ ᠶᠢᠨ ᠬᠠᠤᠯᠢ ᠴᠠᠭᠠᠵᠠ ᠶᠢᠨ ᠰᠠᠯᠪᠤᠷᠢ ᠶᠢᠨ ᠬᠢᠨ ᠨᠡᠶᠢᠭᠡᠮ ᠤᠨ ᠵᠠᠯᠠᠷᠠᠭᠤᠯᠭ᠎ᠠ ᠶᠢᠨ ᠡᠲᠡᠭᠡᠳ ᠤᠨ ᠲᠤᠰᠬᠠᠢ ᠶᠠᠷᠢᠯᠴᠠᠬᠤ ᠬᠥᠮᠦᠵᠢᠯ ᠤᠨ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2025/6/5
          ᠨᠡᠶᠢᠭᠡᠮ ᠲᠣᠭᠤᠷᠢᠭ ᠤᠨ ᠵᠠᠯᠠᠷᠠᠭᠤᠯᠭ᠎ᠠ ᠶᠢᠨ ᠠᠮᠤᠷ ᠲᠦᠪᠰᠢᠨ ᠲᠣᠭᠲᠠᠭᠤᠨ ᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠨᠡᠶᠢᠭᠡᠮ ᠲᠣᠭᠤᠷᠢᠭ ᠤᠨ ᠵᠠᠯᠠᠷᠠᠭᠤᠯᠭ᠎ᠠ ᠶᠢᠨ ᠡᠲᠡᠭᠡᠳ ᠤᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠦᠨᠡᠨᠬᠦ ᠴᠢᠩᠭᠠᠳᠬᠠᠵᠤ᠂ ᠨᠡᠶᠢᠭᠡᠮ ᠲᠣᠭᠤᠷᠢᠭ ᠤᠨ ᠵᠠᠯᠠᠷᠠᠭᠤᠯᠭ᠎ᠠ ᠶᠢᠨ ᠡᠲᠡᠭᠡᠳ ᠤᠨ ᠡᠯ᠎ᠡ ᠲᠠᠯ᠎ᠠ ᠶᠢᠨ ᠪᠠᠶᠢᠳᠠᠯ ᠢ ᠦᠨᠡᠨ ᠪᠣᠳᠠᠲᠠᠢ ᠪᠠᠷ ᠡᠵᠡᠮᠰᠢᠨ᠂ ᠠᠮᠤᠷ ᠲᠦᠪᠰᠢᠨ ᠲᠣᠭᠲᠠᠭᠤᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ ᠶᠢᠨ ᠲᠥᠯᠥᠭᠡ᠂ ᠣᠶᠢᠷ᠎ᠠ ᠳᠤ᠂ ᠵᠢᠪᠬᠤᠯᠠᠩᠲᠤ ᠶᠢᠨ ᠬᠠᠤᠯᠢ ᠴᠠᠭᠠᠵᠠ ᠶᠢᠨ ᠰᠠᠯᠪᠤᠷᠢ ᠨᠡᠶᠢᠭᠡᠮ ᠲᠣᠭᠤᠷᠢᠭ ᠤᠨ ᠵᠠᠯᠠᠷᠠᠭᠤᠯᠭ᠎ᠠ ᠶᠢᠨ ᠡᠲᠡᠭᠡᠳ ᠤᠨ ᠲᠤᠰᠬᠠᠢ ᠶᠠᠷᠢᠯᠴᠠᠬᠤ ᠬᠥᠮᠦᠵᠢᠯ ᠤᠨ ᠠᠵᠢᠯᠯᠠᠭ᠎ᠠ ᠥᠷᠨᠢᠭᠦᠯᠪᠡ᠃          ᠶᠠᠷᠢᠯᠴᠠᠨ ᠬᠥᠮᠥᠵᠢᠭᠦᠯᠬᠦ ᠶᠠᠪᠤᠴᠠ ᠳᠤ᠂ ᠬᠠᠤᠯᠢ ᠴᠠᠭᠠᠵᠠ ᠶᠢᠨ ᠰᠠᠯᠪᠤᠷᠢ ᠶᠢᠨ ᠠᠵᠢᠯᠲᠠᠳ ︽ᠨᠢᠭᠡ ᠳᠤ ᠨᠢᠭᠡ ᠬᠠᠨᠳᠤᠬᠤ︾᠂ ︽ᠨᠢᠭᠤᠷᠳᠠᠬᠤ︾ ᠬᠡᠯᠪᠡᠷᠢ ᠪᠠᠷ ᠨᠡᠶᠢᠭᠡᠮ ᠲᠣᠭᠤᠷᠢᠭ ᠤᠨ ᠵᠠᠯᠠᠷᠠᠭᠤᠯᠬᠤ ᠡᠲᠡᠭᠡᠳ ᠲᠠᠢ ︽ᠬᠠᠷᠢᠯᠴᠠᠨ ᠬᠥᠳᠡᠯᠦᠯᠴᠡᠬᠦ ᠬᠡᠯᠪᠡᠷᠢ︾ ᠪᠠᠷ ᠰᠠᠨᠠᠯ ᠢᠶᠠᠨ ᠰᠣᠯᠢᠯᠴᠠᠵᠤ᠂ ᠨᠡᠶᠢᠭᠡᠮ ᠵᠢᠷᠤᠮ ᠤᠨ ᠥᠭᠡᠷᠡᠴᠢᠯᠡᠯᠲᠡ ᠶᠢᠨ ᠡᠲᠡᠭᠡᠳ ᠠᠴᠠ ᠣᠶᠢᠷ᠎ᠠ ᠶᠢᠨ ᠬᠤᠭᠤᠴᠠᠭᠠᠨ ᠤ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠨᠠᠷᠢᠨ ᠠᠰᠠᠭᠤᠵᠤ᠂ ᠲᠡᠭᠦᠨ ᠤ ᠦᠵᠡᠯ ᠰᠠᠨᠠᠭᠠᠨ ᠤ ᠬᠥᠳᠡᠯᠦᠯ ᠪᠠᠶᠢᠳᠠᠯ ᠢ ᠭᠦᠨᠵᠡᠭᠡᠢ ᠣᠶᠢᠯᠠᠭᠠᠵᠤ᠂ ᠡᠭᠦᠨ ᠤ ᠬᠠᠮᠲᠤ ᠨᠡᠶᠢᠭᠡᠮ ᠲᠣᠭᠤᠷᠢᠭ ᠤᠨ ᠵᠠᠯᠠᠷᠠᠭᠤᠯᠬᠤ ᠡᠲᠡᠭᠡᠳ ᠤᠨ ᠣᠶᠢᠷ᠎ᠠ ᠶᠢᠨ ᠬᠤᠭᠤᠴᠠᠭᠠᠨ ᠤ ᠢᠯᠡᠷᠡᠯ ᠳᠤ ᠦᠨᠡᠯᠡᠯᠲᠡ ᠥᠭᠴᠦ᠂ ᠡᠭᠦᠨ ᠤ ᠬᠠᠮᠲᠤ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠳᠤᠮᠳᠠ ᠠᠩᠬᠠᠷᠬᠤ ᠴᠢᠬᠤᠯᠠᠲᠠᠢ ᠵᠠᠷᠢᠮ ᠪᠣᠳᠠᠲᠠᠢ ᠱᠠᠭᠠᠷᠳᠠᠯᠭ᠎ᠠ ᠶᠢ ᠤᠯᠠᠮ ᠨᠢᠭᠡ ᠠᠯᠬᠤᠮ ᠴᠢᠬᠤᠯᠠᠴᠢᠯᠠᠵᠤ᠂ ᠨᠡᠶᠢᠭᠡᠮ ᠲᠣᠭᠤᠷᠢᠭ ᠤᠨ ᠵᠠᠯᠠᠷᠠᠭᠤᠯᠬᠤ ᠡᠲᠡᠭᠡᠳ ᠢ ᠵᠠᠯᠠᠷᠠᠭᠤᠯᠬᠤ ᠶᠠᠪᠤᠴᠠ ᠳᠤ ᠡᠷᠬᠡᠪᠰᠢ ᠬᠢᠨᠠᠨ ᠬᠠᠮᠢᠶᠠᠷᠬᠤ ᠲᠣᠭᠲᠠᠭᠠᠯ ᠢ ᠳᠠᠭᠠᠬᠤ ᠬᠡᠷᠡᠭᠲᠡᠢ ᠭᠡᠵᠦ ᠰᠡᠷᠡᠮᠵᠢᠯᠡᠭᠦᠯᠵᠦ᠂ ᠬᠠᠤᠯᠢ ᠴᠠᠭᠠᠵᠠ ᠶᠢᠨ ᠰᠠᠯᠪᠤᠷᠢ ᠶᠢᠨ ᠠᠵᠢᠯᠲᠠᠨ ᠤ ᠲᠣᠬᠢᠷᠠᠭᠤᠯᠤᠯᠲᠠ ᠶᠢ ᠳᠠᠭᠠᠵᠤ᠂ ᠡᠳᠦᠷ ᠲᠤᠲᠤᠮ ᠤᠨ ᠮᠡᠳᠡᠭᠦᠯᠦᠯᠲᠡ᠂ ᠭᠠᠷ ᠤᠲᠠᠰᠤᠨ ᠤ ᠪᠠᠶᠢᠷᠢ ᠲᠣᠭᠲᠠᠭᠠᠯᠲᠠ ᠶᠢᠨ ᠬᠠᠮᠢᠶᠠᠷᠤᠯᠲᠠ᠂ ᠦᠵᠡᠯ ᠰᠠᠨᠠᠭᠠᠨ ᠤ ᠬᠠᠷᠢᠭᠤ ᠮᠡᠳᠡᠭᠦᠯᠦᠯᠲᠡ ᠵᠢᠴᠢ ᠴᠢᠯᠦᠭᠡ ᠲᠠᠶᠢᠯᠬᠤ ᠵᠡᠷᠭᠡ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢᠨ ᠲᠣᠭᠲᠠᠭᠠᠯ ᠢ ᠴᠢᠩᠭ᠎ᠠ ᠵᠢᠷᠤᠮᠯᠠᠬᠤ ᠶᠢᠨ ᠬᠠᠮᠲᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠡᠶᠢᠭᠡᠮ ᠲᠣᠭᠤᠷᠢᠭ ᠤᠨ ᠵᠠᠰᠠᠮᠵᠢᠯᠠᠬᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠡᠶᠢᠭᠡᠮ ᠲᠣᠭᠤᠷᠢᠭ ᠤᠨ ᠵᠠᠰᠠᠮᠵᠢᠯᠠᠬᠤ ᠬᠠᠤᠯᠢ ᠶᠢ ᠬᠡᠷᠡᠭᠵᠢᠭᠦᠯᠬᠦ ᠠᠷᠭ᠎ᠠ︾ ᠶᠢᠨ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠵᠢᠷᠤᠮᠯᠠᠵᠤ᠂ ᠡᠷᠲᠡᠬᠡᠨ ᠨᠡᠶᠢᠭᠡᠮ ᠳᠤ ᠪᠤᠴᠠᠭᠠᠬᠤ ᠪᠠᠷ ᠴᠢᠷᠮᠠᠶᠢᠬᠤ ᠬᠡᠷᠡᠭᠲᠡᠢ᠃ ᠨᠡᠶᠢᠭᠡᠮ ᠲᠣᠭᠤᠷᠢᠭ ᠤᠨ ᠵᠠᠯᠠᠷᠠᠭᠤᠯᠬᠤ ᠡᠲᠡᠭᠡᠳ ᠬᠠᠤᠯᠢ ᠴᠠᠭᠠᠵᠠ ᠬᠠᠤᠯᠢ ᠲᠣᠭᠲᠠᠭᠠᠯ ᠪᠠ ᠨᠡᠶᠢᠭᠡᠮ ᠲᠣᠭᠤᠷᠢᠭ ᠤᠨ ᠵᠠᠯᠠᠷᠠᠭᠤᠯᠬᠤ ᠬᠠᠮᠢᠶ᠎ᠠ ᠪᠦᠬᠦᠢ ᠲᠣᠭᠲᠠᠭᠠᠯ ᠢ ᠴᠢᠩᠭ᠎ᠠ ᠵᠢᠷᠤᠮᠯᠠᠵᠤ᠂ ᠬᠢᠨᠠᠯᠲᠠ ᠬᠠᠮᠢᠶᠠᠷᠤᠯᠲᠠ ᠳᠤ ᠢᠳᠡᠪᠬᠢᠲᠡᠢ ᠬᠠᠮᠵᠢᠯᠴᠠᠨ᠎ᠠ ᠭᠡᠵᠦ ᠬᠤᠶᠢᠨ᠎ᠠ ᠬᠤᠶᠢᠨ᠎ᠠ  ᠠᠴᠠ ᠪᠠᠨ ᠢᠯᠡᠷᠬᠡᠶᠢᠯᠡᠵᠡᠢ᠃          ᠲᠤᠰᠬᠠᠢ ᠶᠠᠷᠢᠯᠴᠠᠬᠤ ᠬᠥᠮᠦᠵᠢᠯ ᠢ ᠥᠷᠨᠢᠭᠦᠯᠬᠦ ᠪᠠᠷ ᠳᠠᠮᠵᠢᠭᠤᠯᠤᠨ᠂ ᠬᠠᠷᠢᠶ᠎ᠠ ᠣᠷᠣᠨ ᠤ ᠪᠠᠨ ᠨᠡᠶᠢᠭᠡᠮ ᠲᠣᠭᠤᠷᠢᠭ ᠤᠨ ᠵᠠᠯᠠᠷᠠᠭᠤᠯᠬᠤ ᠡᠲᠡᠭᠡᠳ ᠢ ᠨᠠᠩ ᠭᠦᠨᠵᠡᠭᠡᠢ ᠲᠠᠨᠢᠯᠲᠠ ᠲᠠᠢ ᠪᠣᠯᠭᠠᠵᠤ᠂ ᠬᠢᠨᠠᠨ ᠬᠠᠮᠢᠶᠠᠷᠬᠤ ᠬᠠᠤᠯᠢ ᠲᠣᠭᠲᠠᠭᠠᠯ ᠤᠨ ᠨᠡᠶᠢᠭᠡᠮ ᠲᠣᠭᠤᠷᠢᠭ ᠤᠨ ᠵᠠᠯᠠᠷᠠᠭᠤᠯᠬᠤ ᠡᠲᠡᠭᠡᠳ  ᠢ ᠵᠠᠯᠠᠷᠠᠭᠤᠯᠵᠤ ᠬᠢᠵᠠᠭᠠᠷᠯᠠᠬᠤ ᠦᠢᠯᠡᠳᠦᠯ ᠢ ᠴᠢᠩᠭᠠᠳᠬᠠᠵᠤ᠂ ᠲᠡᠳᠡᠨ ᠢ ᠢᠳᠡᠪᠬᠢᠲᠡᠢ ᠪᠥᠭᠡᠳ ᠰᠠᠨᠠᠭᠠᠴᠢᠯᠠᠭ᠎ᠠ ᠲᠠᠢ ᠪᠠᠷ ᠬᠢᠨᠠᠯᠲᠠ ᠬᠠᠮᠢᠶᠠᠷᠤᠯᠲᠠ ᠳᠤ ᠬᠠᠮᠵᠢᠯᠴᠠᠭᠤᠯᠵᠤ ᠴᠢᠳᠠᠬᠤ ᠪᠣᠯᠭᠠᠵᠠᠢ᠃ ᠲᠠᠷᠠᠭᠠᠴᠢ ᠶᠢᠨ ᠠᠯᠬᠤᠮ ᠳᠤ᠂ ᠵᠢᠪᠬᠤᠯᠠᠩᠲᠤ ᠶᠢᠨ ᠬᠠᠤᠯᠢ ᠴᠠᠭᠠᠵᠠ ᠶᠢᠨ ᠰᠠᠯᠪᠤᠷᠢ ᠶᠢᠨ ᠬᠢᠨ ᠨᠡᠶᠢᠭᠡᠮ ᠲᠣᠭᠤᠷᠢᠭ ᠤᠨ ᠵᠠᠯᠠᠷᠠᠭᠤᠯᠬᠤ ᠡᠲᠡᠭᠡᠳ ᠢ ᠬᠢᠨᠠᠨ ᠬᠠᠮᠢᠶᠠᠷᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠨᠡᠶᠢᠭᠡᠮ ᠲᠣᠭᠤᠷᠢᠭ ᠤᠨ ᠵᠠᠯᠠᠷᠠᠭᠤᠯᠬᠤ ᠡᠲᠡᠭᠡᠳ ᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠪᠠᠶᠢᠭᠠᠳ ᠨᠡᠶᠢᠭᠡᠮ ᠳᠤ ᠤᠷᠤᠭᠰᠢᠲᠠᠢ ᠪᠠᠷ ᠪᠤᠴᠠᠬᠤ ᠶᠢ ᠨᠢ ᠠᠬᠢᠭᠤᠯᠤᠨ᠎ᠠ᠃
1.jpg
 
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ