ᠰᠢᠨ᠎ᠡ ᠪᠠᠷᠭᠤ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠬᠤᠭᠤᠴᠠᠭᠠᠨ ᠳᠠᠬᠢ ᠢᠳᠡᠭᠡᠨ ᠤ ᠠᠶᠤᠯᠭᠦᠢ ᠶᠢᠨ ᠲᠤᠰᠬᠠᠢ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2025/6/5
          ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠬᠤᠭᠤᠴᠠᠭᠠᠨ ᠳᠠᠬᠢ ᠰᠢᠯᠭᠠᠭᠤᠯᠤᠭᠴᠢ ᠶᠢᠨ ᠢᠳᠡᠭᠡᠨ ᠤᠮᠳᠠᠭᠠᠨ ᠤ ᠠᠮᠤᠷ ᠲᠦᠪᠰᠢᠨ ᠢ ᠦᠨᠡᠨ ᠬᠦ ᠪᠠᠲᠤᠯᠠᠵᠤ᠂ ᠢᠳᠡᠭᠡᠨ ᠤ ᠠᠮᠤᠷ ᠲᠦᠪᠰᠢᠨ ᠤ ᠠᠰᠠᠭᠤᠳᠠᠯ ᠠᠴᠠ ᠪᠣᠯᠵᠤ ᠰᠢᠯᠭᠠᠭᠤᠯᠤᠭᠴᠢ ᠶᠢᠨ ᠡᠷᠡᠭᠦᠯ ᠮᠡᠨᠳᠦ ᠪᠠ ᠰᠢᠯᠭᠠᠯᠲᠠ ᠶᠢᠨ ᠪᠠᠶᠢᠳᠠᠯ ᠢ ᠨᠥᠯᠥᠭᠡᠯᠡᠬᠦ ᠠᠴᠠ ᠰᠡᠷᠭᠡᠶᠢᠯᠡᠬᠦ ᠶᠢᠨ ᠲᠥᠯᠥᠭᠡ᠂ 6 ᠰᠠᠷ᠎ᠠ ᠶᠢᠨ 4 ᠤ ᠡᠳᠦᠷ᠂ ᠰᠢᠨ᠎ᠡ ᠪᠠᠷᠭᠤ ᠵᠡᠭᠦᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠢᠯᠭᠠᠯᠲᠠ ᠶᠢᠨ ᠴᠡᠭ ᠤᠨ ᠰᠤᠷᠭᠠᠭᠤᠯᠢ ᠶᠢᠨ ᠬᠦᠷᠢᠶᠡᠨ ᠤ ᠬᠤᠭᠤᠯᠠᠨ ᠭᠡᠷ ᠵᠢᠴᠢ ᠡᠷᠬᠢᠨ ᠲᠣᠭᠤᠷᠢᠨ ᠤ ᠬᠤᠳᠠᠯᠳᠤᠭᠠᠨ ᠤ ᠬᠡᠲᠦ ᠳᠡᠯᠭᠡᠭᠦᠷ ᠤᠨ ᠲᠤᠰᠬᠠᠢ ᠪᠠᠶᠢᠴᠠᠭᠠᠯᠲᠠ ᠬᠢᠵᠦ᠂ ᠥᠷᠭᠡᠨ ᠣᠯᠠᠨ ᠰᠢᠯᠭᠠᠭᠤᠯᠤᠭᠴᠢ ᠶᠢ ᠪᠥᠬᠦ ᠬᠦᠴᠦᠨ ᠢᠶᠠᠷ ᠢᠶᠠᠨ ᠬᠠᠮᠠᠭᠠᠯᠠᠵᠤ ᠥᠭᠪᠡ᠃
2.png
          ᠰᠢᠯᠭᠠᠯᠲᠠ ᠶᠢᠨ ᠴᠡᠭ ᠤᠨ ᠰᠤᠷᠭᠠᠭᠤᠯᠢ ᠶᠢᠨ ᠬᠦᠷᠢᠶᠡᠨ ᠤ ᠬᠤᠭᠤᠯᠠᠨ ᠭᠡᠷ ᠲᠤ᠂ ᠬᠠᠤᠯᠢ ᠬᠡᠷᠡᠭᠵᠢᠭᠦᠯᠬᠦ ᠠᠵᠢᠯᠲᠠᠨ ᠭᠤᠣᠯᠳᠠᠭᠤ ᠠᠵᠢᠯᠯᠠᠵᠤ ᠪᠠᠶᠢᠭ᠎ᠠ ᠬᠥᠮᠥᠰ ᠤᠨ ᠡᠷᠡᠭᠦᠯ ᠮᠡᠨᠳᠦ ᠶᠢᠨ ᠬᠠᠮᠢᠶᠠᠷᠤᠯᠲᠠ᠂ ᠢᠳᠡᠭᠡᠨ ᠤ ᠮᠠᠲ᠋ᠧᠷᠢᠶᠠᠯ ᠤᠨ ᠪᠠᠷᠠᠭ᠎ᠠ ᠣᠷᠣᠭᠤᠯᠤᠯᠲᠠ ᠶᠢ ᠪᠠᠶᠢᠴᠠᠭᠠᠨ ᠰᠢᠯᠭᠠᠬᠤ᠂ ᠢᠳᠡᠭᠡᠨ ᠤ ᠥᠯᠢᠭᠡᠷ ᠦᠯᠡᠳᠡᠭᠡᠬᠦ᠂ ᠢᠳᠡᠭᠡᠨ ᠤᠮᠳᠠᠭᠠᠨ ᠤ ᠪᠠᠭᠠᠵᠢ ᠬᠡᠷᠡᠭᠰᠡᠯ ᠢ ᠠᠷᠢᠭᠤᠳᠬᠠᠬᠤ ᠵᠡᠷᠭᠡ ᠳᠤ ᠪᠥᠬᠦ ᠲᠠᠯ᠎ᠠ ᠶᠢᠨ ᠪᠠᠶᠢᠴᠠᠭᠠᠯᠲᠠ ᠬᠢᠵᠦ᠂ ᠣᠯᠵᠤ ᠮᠡᠳᠡᠭᠰᠡᠨ ᠠᠰᠠᠭᠤᠳᠠᠯ ᠢ ᠳᠠᠷᠤᠶᠢᠬᠠᠨ ᠴᠡᠭᠴᠡᠯᠡᠨ ᠰᠠᠶᠢᠵᠢᠷᠠᠭᠤᠯᠬᠤ ᠪᠠᠷ ᠱᠠᠭᠠᠷᠳᠠᠪᠠ᠃
3.png
          ᠰᠢᠯᠭᠠᠯᠲᠠ ᠶᠢᠨ ᠴᠡᠭ ᠤᠨ ᠡᠷᠬᠢᠨ ᠲᠣᠭᠤᠷᠢᠨ ᠤ ᠬᠤᠳᠠᠯᠳᠤᠭᠠᠨ ᠤ ᠬᠡᠲᠦ ᠳᠡᠯᠭᠡᠭᠦᠷ ᠲᠤ᠂ ᠬᠠᠤᠯᠢ ᠬᠡᠷᠡᠭᠵᠢᠭᠦᠯᠬᠦ ᠠᠵᠢᠯᠲᠠᠨ ᠢᠳᠡᠭᠡᠨ ᠤ ᠴᠢᠨᠠᠷ ᠢ ᠪᠠᠲᠤᠯᠠᠬᠤ ᠬᠤᠭᠤᠴᠠᠭ᠎ᠠ ᠶᠢ ᠭᠤᠣᠯᠳᠠᠯᠭ᠎ᠠ ᠲᠠᠢ ᠪᠠᠶᠢᠴᠠᠭᠠᠵᠤ᠂ ᠬᠤᠭᠤᠴᠠᠭ᠎ᠠ ᠨᠢ ᠥᠩᠭᠡᠷᠡᠭᠰᠡᠨ ᠢᠳᠡᠭᠡᠨ ᠢ ᠪᠣᠷᠣᠯᠠᠭᠤᠯᠬᠤ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠡᠭᠦᠨ ᠤ ᠬᠠᠮᠲᠤ ᠢᠳᠡᠭᠡᠨ ᠤ ᠬᠠᠳᠠᠭᠠᠯᠠᠬᠤ ᠨᠥᠬᠦᠴᠡᠯ ᠢ ᠪᠠᠶᠢᠴᠠᠭᠠᠵᠤ᠂ ᠢᠳᠡᠭᠡᠨ ᠢ ᠲᠣᠬᠢᠷᠠᠮᠵᠢᠲᠠᠢ ᠳᠤᠯᠠᠭᠠᠨ ᠤ ᠬᠡᠮᠵᠢᠶ᠎ᠡ ᠪᠠ ᠣᠷᠴᠢᠨ ᠲᠣᠭᠤᠷᠢᠨ ᠳᠤ ᠬᠠᠳᠠᠭᠠᠯᠠᠬᠤ ᠶᠢ ᠪᠠᠲᠤᠯᠠᠨ᠎ᠠ᠃ ᠢᠳᠡᠭᠡᠨ ᠤ ᠪᠠᠷᠠᠭ᠎ᠠ ᠣᠷᠣᠭᠤᠯᠬᠤ ᠠᠷᠭ᠎ᠠ ᠵᠠᠮ ᠨᠢ ᠵᠢᠩᠬᠢᠨᠢ ᠪᠠᠶᠢᠬᠤ ᠡᠰᠡᠬᠦ ᠶᠢ ᠬᠠᠷᠭᠤᠭᠤᠯᠤᠨ ᠪᠠᠶᠢᠴᠠᠭᠠᠵᠤ᠂ ︽ᠭᠤᠷᠪᠠ ᠦᠭᠡᠢ︾ ᠦᠢᠯᠡᠳᠬᠦᠨ ᠪᠠ ᠬᠠᠭᠤᠷᠮᠠᠭ ᠮᠠᠭᠤ ᠲᠠᠸᠠᠷ ᠪᠣᠷᠣᠯᠠᠭᠤᠯᠬᠤ ᠶᠢ ᠰᠡᠷᠭᠡᠶᠢᠯᠡᠬᠦ ᠬᠡᠷᠡᠭᠲᠡᠢ᠃ ᠢᠳᠡᠭᠡᠨ ᠤ ᠱᠣᠰᠢᠭ᠎ᠠ ᠲᠡᠮᠳᠡᠭ ᠤᠨ ᠵᠢᠷᠤᠮᠵᠢᠯ ᠢ ᠦᠨᠡᠨᠬᠦ ᠪᠠᠲᠤᠯᠠᠵᠤ᠂ ᠱᠣᠰᠢᠭ᠎ᠠ ᠲᠡᠮᠳᠡᠭ ᠨᠢ ᠲᠣᠳᠣᠷᠬᠠᠢ ᠦᠭᠡᠢ ᠢᠳᠡᠭᠡᠨ ᠢ ᠪᠣᠷᠣᠯᠠᠭᠤᠯᠬᠤ  ᠠᠴᠠ ᠵᠠᠶᠢᠯᠠᠰᠬᠢᠬᠦ ᠬᠡᠷᠡᠭᠲᠡᠢ᠃ ᠡᠭᠦᠨ ᠤ ᠬᠠᠮᠲᠤ ᠡᠯ᠎ᠡ ᠡᠵᠡᠩᠨᠡᠭᠴᠢᠳ ᠲᠤ ᠬᠠᠮᠢᠶ᠎ᠠ ᠪᠦᠬᠦᠢ ᠬᠠᠤᠯᠢ ᠲᠣᠭᠲᠠᠭᠠᠯ ᠢ ᠤᠬᠠᠭᠤᠯᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠬᠠᠤᠯᠢ ᠲᠣᠭᠲᠠᠭᠠᠯ  ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠤᠬᠠᠮᠰᠠᠷ  ᠠᠴᠠ ᠪᠠᠨ ᠡᠰᠡᠷᠭᠦᠴᠡᠨ ᠬᠤᠷᠢᠭᠯᠠᠵᠤ᠂ ᠦᠨᠡᠨᠴᠢ ᠢᠲᠡᠭᠡᠮᠵᠢᠲᠡᠢ ᠪᠠᠷ ᠡᠵᠡᠩᠨᠡᠬᠦ ᠬᠡᠷᠡᠭᠲᠡᠢ ᠭᠡᠵᠦ ᠱᠠᠭᠠᠷᠳᠠᠪᠠ᠃          ᠲᠠᠷᠠᠭᠠᠴᠢ ᠶᠢᠨ ᠠᠯᠬᠤᠮ ᠳᠤ᠂ ᠬᠠᠤᠯᠢ ᠬᠡᠷᠡᠭᠵᠢᠭᠦᠯᠬᠦ ᠠᠵᠢᠯᠲᠠᠨ ᠰᠢᠯᠭᠠᠯᠲᠠ ᠶᠢᠨ ᠴᠡᠭ ᠤᠨ ᠰᠤᠷᠭᠠᠭᠤᠯᠢ ᠶᠢᠨ ᠡᠷᠬᠢᠨ ᠲᠣᠭᠤᠷᠢᠨ ᠤ ᠬᠤᠳᠠᠯᠳᠤᠭᠠᠨ ᠤ ᠬᠡᠲᠦ ᠳᠡᠯᠭᠡᠭᠦᠷ ᠲᠤ ᠲᠣᠭᠲᠠᠮᠠᠯ ᠬᠤᠭᠤᠴᠠᠭ᠎ᠠ ᠲᠠᠢ ᠪᠠᠷ ᠲᠣᠭᠤᠷᠢᠨ ᠪᠠᠶᠢᠴᠠᠭᠠᠯᠲᠠ ᠬᠢᠵᠦ᠂ ᠥᠷᠭᠡᠨ ᠣᠯᠠᠨ ᠰᠢᠯᠭᠠᠭᠤᠯᠤᠭᠴᠢ ᠶᠢᠨ ᠢᠳᠡᠭᠡᠨ ᠤᠮᠳᠠᠭᠠᠨ ᠤ ᠠᠮᠤᠷ ᠲᠦᠪᠰᠢᠨ ᠪᠠ ᠰᠢᠯᠭᠠᠯᠲᠠ ᠶᠢᠨ ᠤᠷᠤᠭᠰᠢᠲᠠᠢ ᠶᠠᠪᠤᠭᠳᠠᠬᠤ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠪᠣᠯᠣᠨ᠎ᠠ᠃ 
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ