6 ᠰᠠᠷ᠎ᠠ ᠶᠢᠨ 4 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠪᠠ ᠪᠠᠷᠢᠮᠵᠢᠶᠠᠵᠢᠭᠤᠯᠤᠯᠲᠠ ᠶᠢᠨ | ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠪᠢᠯᠢᠭ ᠨᠠᠷ ᠰᠢᠨ᠎ᠡ ᠪᠠᠷᠭᠤ ᠵᠡᠭᠦᠨ ᠬᠤᠰᠢᠭᠤᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ | ᠶᠠᠷᠢᠯᠴᠠᠬᠤ ᠬᠤᠷᠠᠯ ᠬᠤᠷᠠᠯᠳᠤᠭᠤᠯᠪᠠ᠃ | ᠬᠤᠰᠢᠭᠤᠨ ᠤ ᠤᠳᠤᠷᠢᠳᠤᠯᠭ᠎ᠠ ᠸᠠᠩ ᠨᠠᠢ ᠪᠢᠨ᠂ ᠦ᠋ ᠰᠢᠤᠸᠠᠢ ᠶᠦᠩ᠂ ᠸᠠᠩ ᠰᠢᠩ ᠭᠦᠸᠧ ᠬᠤᠷᠠᠯ ᠳᠤ ᠣᠷᠣᠯᠴᠠᠵᠤ᠂ ᠬᠠᠮᠢᠶ᠎ᠠ ᠪᠦᠬᠦᠢ ᠰᠠᠯᠠᠭ᠎ᠠ | ᠮᠥᠴᠢᠷ᠂ ᠠᠵᠢᠯ ᠤᠨ ᠲᠤᠰᠬᠠᠢ ᠠᠩᠭᠢ᠂ ᠺᠣᠮᠫᠠᠨᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃ | ᠬᠤᠷᠠᠯ ᠳᠡᠭᠡᠷ᠎ᠡ᠂ ᠪᠠᠶᠢᠴᠠᠭᠠᠨ ᠰᠤᠳᠤᠯᠬᠤ ᠳᠤᠭᠤᠶᠢᠯᠠᠩ ᠰᠢᠨ᠎ᠡ ᠪᠠᠷᠭᠤ ᠵᠡᠭᠦᠨ ᠬᠤᠰᠢᠭᠤᠨ ᠤ ᠭᠠᠵᠠᠷ ᠣᠷᠣᠨ ᠤ ᠣᠨᠴᠠᠯᠢᠭ᠂ ᠠᠵᠤ ᠠᠬᠤᠢ ᠶᠢᠨ | ᠠᠵᠢᠯᠯᠠᠭᠠᠨ ᠵᠢᠴᠢ ᠲᠤᠯᠭᠠᠭᠤᠷᠢ ᠠᠵᠤ ᠦᠢᠯᠡᠰ ᠵᠡᠷᠭᠡ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠰᠢᠨ᠎ᠡ ᠪᠠᠷᠭᠤ ᠵᠡᠭᠦᠨ | ᠬᠤᠰᠢᠭᠤᠨ ᠤ ᠪᠠᠷᠢᠮᠵᠢᠶᠠᠵᠢᠭᠤᠯᠤᠯᠲᠠ ᠶᠢᠨ ᠪᠦᠲᠦᠭᠡᠨ ᠪᠠᠶᠢᠭᠤᠯᠤᠯᠲᠠ᠂ ᠨᠠᠷᠠᠲᠤ ᠲᠡᠮᠳᠡᠭᠲᠦ ᠶᠢᠨ ᠪᠣᠶᠢᠵᠢᠭᠤᠯᠤᠯᠲᠠ ᠵᠡᠷᠭᠡ ᠪᠠᠶᠢᠳᠠᠯ ᠤᠨ ᠲᠣᠭᠤᠷᠢᠨ ᠳᠤ ᠰᠠᠨᠠᠯ | ᠰᠠᠨᠠᠭᠤᠯᠭ᠎ᠠ ᠳᠤᠷᠠᠳᠪᠠ᠃ | ᠪᠢᠯᠢᠭ ᠢᠯᠡᠷᠬᠡᠶᠢᠯᠡᠭᠰᠡᠨ ᠨᠢ᠂ ᠰᠢᠨ᠎ᠡ ᠪᠠᠷᠭᠤ ᠵᠡᠭᠦᠨ ᠬᠤᠰᠢᠭᠤᠨ ᠤ ᠭᠠᠵᠠᠷ ᠣᠷᠣᠨ ᠤ ᠳᠠᠪᠠᠭᠤᠯᠢᠭ ᠲᠣᠪᠣᠶᠢᠮ᠎ᠠ᠂ ᠬᠥᠭᠵᠢᠯᠲᠡ ᠶᠢᠨ ᠨᠥᠭᠡᠴᠡ | ᠬᠦᠴᠦᠨ ᠯᠤᠲᠤ ᠶᠡᠭᠡ᠂ ᠵᠦᠷᠢᠶᠡᠵᠢᠬᠦᠯᠬᠦ᠂ ᠣᠨᠴᠠᠯᠢᠬᠵᠢᠭᠤᠯᠬᠤ᠂ ᠤᠬᠢ ᠰᠢᠯᠢᠳᠡᠭᠵᠢᠭᠦᠯᠬᠦ ᠵᠠᠮ ᠢᠶᠠᠷ ᠵᠠᠮᠨᠠᠬᠤ ᠪᠠᠷ ᠳᠠᠮᠵᠢᠭᠤᠯᠵᠤ᠂ ᠮᠠᠯ ᠠᠵᠤ ᠠᠬᠤᠢ᠂ ᠰᠣᠶᠣᠯ | ᠵᠢᠭᠤᠯᠴᠢᠯᠠᠯ ᠵᠡᠷᠭᠡ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠠᠭᠤᠰᠤᠯᠴᠠᠯ᠂ ᠰᠢᠨ᠎ᠡ ᠶᠢ ᠡᠭᠦᠳᠬᠦ ᠫᠠᠶᠢᠰᠠ ᠶᠢ ᠰᠠᠶᠢᠲᠤᠷ ᠴᠣᠭᠴᠠᠯᠠᠵᠤ ᠪᠣᠯᠣᠨ᠎ᠠ᠃ | ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠪᠠ ᠪᠠᠷᠢᠮᠵᠢᠶᠠᠵᠢᠭᠤᠯᠤᠯᠲᠠ ᠶᠢᠨ ᠰᠤᠳᠤᠯᠭᠠᠨ ᠤ ᠬᠦᠷᠢᠶᠡᠯᠡᠩ ᠨᠢ ᠰᠢᠨ᠎ᠡ ᠪᠠᠷᠭᠤ ᠵᠡᠭᠦᠨ ᠬᠤᠰᠢᠭᠤᠨ ᠤ ᠭᠠᠵᠠᠷ | ᠣᠷᠣᠨ ᠤ ᠣᠨᠴᠠᠯᠢᠭ ᠪᠠ ᠠᠵᠤ ᠦᠢᠯᠡᠰ ᠤᠨ ᠬᠡᠷᠡᠭᠴᠡᠭᠡ ᠪᠠᠷ ᠡᠬᠢᠯᠡᠯᠲᠡ ᠪᠣᠯᠭᠠᠵᠤ᠂ ᠪᠣᠭᠤᠳᠠᠯᠯᠠᠬᠤ ᠮᠠᠶ᠋ᠢᠭ ᠤᠨ ᠦᠢᠯᠡᠴᠢᠯᠡᠭᠡ ᠪᠠᠷ ᠪᠠᠷᠢᠮᠵᠢᠶ᠎ᠠ ᠶᠢ | ᠥᠷᠭᠡᠳᠬᠡᠨ ᠬᠡᠷᠡᠭᠯᠡᠭᠡᠨ ᠳᠤ ᠣᠷᠣᠭᠤᠯᠵᠤ᠂ ᠬᠤᠰᠢᠭᠤᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠶᠠᠰᠤ ᠴᠢᠨᠠᠷ ᠤᠨ | ᠪᠠᠷᠢᠮᠵᠢᠶᠠᠵᠢᠭᠤᠯᠤᠯᠲᠠ ᠶᠢᠨ ᠰᠤᠳᠤᠯᠭᠠᠨ ᠤ ᠮᠡᠷᠭᠡᠵᠢᠯ ᠤᠨ ᠬᠦᠴᠦᠨ ᠨᠡᠮᠡᠷᠢᠯᠡᠨ᠎ᠡ᠃ | ᠸᠠᠩ ᠨᠠᠢ ᠪᠢᠨ ᠪᠢᠯᠢᠭ ᠨᠠᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ ᠬᠡᠯᠡᠭᠰᠡᠨ ᠨᠢ ᠪᠠᠷᠢᠮᠵᠢᠶ᠎ᠠ ᠪᠣᠯ ᠭᠠᠵᠠᠷ | ᠣᠷᠣᠨ ᠤ ᠬᠥᠭᠵᠢᠯᠲᠡ ᠶᠢᠨ ᠵᠠᠩᠭᠢᠯᠠᠭ᠎ᠠ ᠶᠢᠨ ᠬᠦᠴᠦᠨ ᠮᠥᠨ᠂ ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠪᠠ ᠪᠠᠷᠢᠮᠵᠢᠶᠠᠵᠢᠭᠤᠯᠤᠯᠲᠠ ᠶᠢᠨ | ᠰᠤᠳᠤᠯᠭᠠᠨ ᠤ ᠬᠦᠷᠢᠶᠡᠯᠡᠩ ᠪᠠᠷᠢᠮᠵᠢᠶᠠᠵᠢᠭᠤᠯᠤᠯᠲᠠ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠰᠢᠨ᠎ᠡ ᠪᠠᠷᠭᠤ ᠵᠡᠭᠦᠨ ᠬᠤᠰᠢᠭᠤᠨ ᠤ ᠭᠠᠵᠠᠷ ᠵᠦᠢ ᠶᠢᠨ | ᠲᠡᠮᠳᠡᠭ ᠤᠨ ᠭᠡᠷᠡᠴᠢᠯᠡᠯ᠂ ᠮᠥᠷᠳᠡᠯᠲᠡ ᠶᠢᠨ ᠰᠢᠰᠲ᠋ᠧᠮ ᠤᠨ ᠪᠠᠶᠢᠭᠤᠯᠤᠯᠲᠠ᠂ ︽ᠮᠣᠩᠭᠤᠯ︾ ᠥᠰᠥᠭ ᠤᠨ ᠲᠡᠮᠳᠡᠭ ᠤᠨ ᠭᠡᠷᠡᠴᠢᠯᠡᠯ᠂ ᠴᠠᠭᠠᠨ ᠢᠳᠡᠭᠡᠨ ᠤ | ᠬᠥᠭᠵᠢᠯᠲᠡ ᠵᠡᠷᠭᠡ ᠠᠵᠢᠯ ᠳᠤ ᠰᠢᠪᠲᠤᠯᠤᠯᠲᠠ ᠭᠠᠷᠭᠠᠵᠤ᠂ ᠣᠷᠣᠨ ᠨᠤᠲᠤᠭ ᠤᠨ ᠣᠨᠴᠠᠯᠢᠭᠲᠤ ᠪᠦᠲᠦᠭᠡᠭᠳᠡᠬᠦᠨ ᠤ ᠠᠵᠤ ᠦᠢᠯᠡᠰ ᠤᠨ ᠲᠤᠷᠰᠢᠯᠭ᠎ᠠ ᠶᠢ | ᠤᠯᠠᠮᠵᠢᠯᠠᠬᠤ ᠠᠴᠠ ᠪᠠᠷᠢᠮᠵᠢᠶᠠᠵᠢᠭᠤᠯᠤᠯᠲᠠ ᠪᠠᠷ ᠬᠥᠲᠥᠯᠥᠨ ᠳᠠᠭᠠᠭᠤᠯᠬᠤ ᠳᠠᠰᠢ ᠬᠤᠪᠢᠷᠠᠬᠤ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠡᠢ᠃ |