6 ᠰᠠᠷ᠎ᠠ ᠶᠢᠨ 4 ᠤ ᠡᠳᠦᠷ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠵᠢᠴᠢ | ᠠᠵᠤ ᠠᠬᠤᠢ ᠶᠢᠨ ᠪᠠᠶᠢᠭᠤᠯᠤᠯ ᠪᠣᠯᠣᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢᠨ ᠲᠤᠰᠬᠠᠢ ᠳᠤᠭᠤᠶᠢᠯᠠᠩ ᠤᠨ ᠬᠤᠷᠠᠯ ᠢ ᠡᠷᠭᠢᠯᠡᠨ | ᠬᠤᠷᠠᠯᠳᠤᠭᠤᠯᠪᠠ᠃ | ᠬᠤᠷᠠᠯ ᠠᠴᠠ ᠡᠨᠧᠷᠭᠢ᠂ ᠮᠠᠯ ᠠᠵᠤ ᠠᠬᠤᠢ ᠲᠠᠷᠢᠶᠠᠯᠠᠩ ᠣᠶ ᠰᠢᠭᠤᠢ ᠤᠰᠤᠨ ᠠᠰᠢᠭᠯᠠᠯᠲᠠ᠂ ᠠᠷᠠᠯᠵᠢᠶ᠎ᠠ ᠬᠤᠳᠠᠯᠳᠤᠭ᠎ᠠ ᠰᠣᠶᠣᠯ ᠵᠢᠭᠤᠯᠴᠢᠯᠠᠯ ᠤᠨ | ᠬᠦᠷᠢᠶᠡᠨ ᠳᠠᠬᠢ ᠬᠥᠯᠥᠰᠦᠨ ᠮᠠᠯᠴᠢᠨ ᠲᠠᠷᠢᠶᠠᠴᠢᠨ ᠤ ᠴᠠᠯᠢᠩ ᠢ ᠥᠷᠢᠲᠦᠵᠦ ᠤᠠᠶᠢᠭᠠ ᠠᠰᠠᠭᠤᠳᠠᠯ ᠢ ᠰᠢᠢᠳᠪᠦᠷᠢᠯᠡᠬᠦ ᠠᠵᠢᠯ ᠢ ᠰᠤᠳᠤᠯᠵᠤ᠂ ᠳᠡᠳ᠋ ᠲᠡᠷᠢᠭᠦᠯᠡᠭᠴᠢ | ᠨᠠᠷ ᠢ ᠬᠤᠪᠢᠳᠠᠨ ᠬᠠᠮᠢᠶᠠᠷᠴᠤ ᠤᠠᠶᠢᠭᠠ ᠬᠦᠷᠢᠶ᠎ᠡ ᠪᠠᠨ ᠲᠤᠭᠤᠰᠢᠲᠠᠢ ᠠᠩᠬᠠᠷᠴᠤ᠂ ᠳᠠᠷᠤᠶᠢᠬᠠᠨ ᠬᠡᠷᠡᠭᠵᠢᠭᠦᠯᠵᠦ ᠳᠠᠷᠤᠶᠢᠬᠠᠨ ᠰᠠᠶᠢᠵᠢᠷᠠᠭᠤᠯᠵᠤ᠂ ᠵᠢᠭᠰᠠᠭᠠᠨ | ᠤᠠᠶᠢᠴᠠᠭᠠᠵᠤ ᠤᠠᠶᠢᠳᠠᠯ ᠢ ᠣᠶᠢᠯᠠᠭᠠᠬᠤ ᠠᠴᠠ ᠠᠪᠤᠭᠠᠳ ᠥᠷᠢᠲᠦᠭᠰᠡᠨ ᠴᠠᠯᠢᠩ ᠢ ᠥᠭᠬᠦ ᠪᠦᠭᠦ ᠶᠠᠪᠤᠴᠠ ᠶᠢ ᠤᠵᠲᠡᠭᠦᠦ ᠭᠤᠭᠴᠤᠭ᠎ᠠ ᠪᠠᠷ | ᠨᠠᠶᠢᠳᠠᠪᠤᠷᠢᠵᠢᠭᠤᠯᠵᠤ᠂ ᠬᠥᠯᠥᠰᠦᠨ ᠮᠠᠯᠴᠢᠨ ᠲᠠᠷᠢᠶᠠᠴᠢᠨ ᠤ ᠶᠠᠳᠠᠷᠠᠵᠤ ᠵᠦᠳᠡᠷᠡᠵᠦ ᠣᠯᠣᠭᠰᠠᠨ ᠵᠣᠭᠤᠰ ᠢ ᠲᠤᠭ᠎ᠠ ᠶᠣᠰᠣᠭᠠᠷ ᠨᠢ ᠭᠠᠷ ᠲᠤᠨᠢ ᠠᠳᠬᠤᠭᠤᠯᠬᠤ ᠶᠢ | ᠤᠠᠲᠤᠯᠠᠬᠤ ᠬᠡᠷᠡᠭᠲᠡᠢ᠃ ᠴᠠᠯᠢᠩ ᠥᠷᠢᠲᠦᠬᠦ ᠶᠢ ᠵᠠᠰᠠᠬᠤ ᠸᠠ ᠠᠵᠤ ᠠᠬᠤᠶᠢᠯᠠᠯ ᠳᠤ ᠥᠷᠢᠲᠦᠵᠦ ᠤᠠᠶᠢᠭᠠ ᠳᠠᠩᠰᠠᠨ ᠤ ᠵᠣᠭᠤᠰ ᠢ ᠥᠭᠬᠦ ᠶᠢ ᠬᠤᠯᠪᠤᠭᠠᠯᠠᠨ | ᠠᠬᠢᠭᠤᠯᠵᠤ᠂ ︽ ᠤᠠᠷᠢᠯᠭᠠ ᠶᠢᠨ ᠲᠥᠷᠥᠯ ᠵᠦᠢᠯ ᠢ ᠠᠩᠬᠠᠷᠬᠤ ᠳᠤ ᠡᠷᠬᠡᠪᠰᠢ ᠠᠵᠢᠯᠴᠢᠨ ᠤ ᠴᠠᠯᠢᠩ ᠢ ᠥᠭᠬᠦ ᠶᠢ ᠠᠩᠬᠠᠷᠬᠤ︾ ᠲᠣᠭᠲᠠᠴᠠ ᠶᠢ ᠤᠠᠶᠢᠭᠤᠯᠵᠤ᠂ | ᠵᠣᠷᠢᠭᠤᠳᠠ ᠪᠠᠷ ᠴᠠᠯᠢᠩ ᠥᠷᠢᠲᠦᠬᠦ ᠳᠤ ᠬᠠᠤᠯᠢ ᠶᠣᠰᠣᠭᠠᠷ ᠴᠣᠬᠢᠯᠲᠠ ᠥᠭᠴᠦ᠂ ᠴᠠᠯᠢᠩ ᠥᠷᠢᠲᠦᠬᠦ ᠠᠰᠠᠭᠤᠳᠠᠯ ᠢ ᠡᠬᠢ ᠡᠭᠦᠰᠦᠯ ᠠᠴᠠ ᠨᠢ ᠵᠠᠰᠠᠬᠤ ᠬᠡᠷᠡᠭᠲᠡᠢ | ᠭᠡᠵᠦ ᠱᠠᠭᠠᠷᠳᠠᠪᠠ᠃ | ᠬᠤᠷᠠᠯ ᠠᠴᠠ ᠭᠦᠳᠡᠯᠮᠦᠷᠢ ᠨᠡᠶᠢᠭᠡᠮ ᠤᠨ ᠤᠠᠲᠤᠯᠠᠭᠠ᠂ ᠬᠤᠲᠠ ᠬᠥᠳᠡᠭᠡ ᠶᠢᠨ ᠪᠦᠲᠦᠭᠡᠨ ᠤᠠᠶᠢᠭᠤᠯᠤᠯᠲᠠ᠂ ᠬᠥᠳᠡᠭᠡ ᠲᠣᠰᠬᠤᠨ ᠬᠥᠳᠡᠭᠡ ᠠᠵᠤ | ᠠᠬᠤᠢ ᠵᠡᠷᠭᠡ ᠠᠵᠢᠯ ᠲᠥᠷᠥᠯ ᠤᠨ ᠣᠶᠢᠷ᠎ᠠ ᠶᠢᠨ ᠬᠤᠭᠤᠴᠠᠭᠠᠨ ᠤ ᠵᠠᠬᠢᠳᠠᠯ ᠰᠤᠷᠪᠤᠯᠵᠢᠯᠠᠯ ᠤᠨ ᠠᠵᠢᠯ ᠤᠨ ᠤᠠᠶᠢᠳᠠᠯ ᠢ ᠰᠣᠨᠣᠰᠴᠤ᠂ ᠳᠡᠳ᠋ ᠲᠡᠷᠢᠭᠦᠯᠡᠭᠴᠢ ᠨᠠᠷ | ᠵᠠᠬᠢᠳᠠᠯ ᠰᠤᠷᠪᠤᠯᠵᠢᠯᠠᠯ ᠤᠨ ᠠᠵᠢᠯ ᠢ ︽ᠨᠢᠭᠡ ᠠᠵᠢᠯ ᠤᠨ ᠤᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠱᠠᠭᠠᠷᠳᠠᠯᠭ᠎ᠠ ᠶᠣᠰᠣᠭᠠᠷ ᠡᠳᠦᠷ ᠲᠤᠲᠤᠮ ᠤᠨ | ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠬᠦᠷᠢᠶ᠎ᠡ ᠬᠤᠪᠢᠶᠠᠨ ᠣᠷᠳᠣ ᠬᠤᠭᠤᠴᠠᠭᠠᠨ ᠤ ᠪᠦᠲᠦᠮᠵᠢᠲᠦ ᠲᠣᠭᠲᠠᠴᠠ ᠶᠢ ᠤᠠᠶᠢᠭᠤᠯᠵᠤ᠂ ᠠᠰᠠᠭᠤᠳᠠᠯ ᠢ | ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ᠃ ᠲᠤᠬᠠᠢ ᠶᠢᠨ ᠬᠥᠮᠥᠨ ᠳᠤ ᠵᠠᠬᠢᠳᠠᠯ ᠰᠤᠷᠪᠤᠯᠵᠢᠯᠠᠯ ᠤᠨ ᠦᠷ᠎ᠡ ᠳ᠋ᠦᠩ ᠢ ᠬᠠᠷᠢᠭᠤ ᠲᠤᠰᠬᠠᠵᠤ᠂ ᠤᠯᠠᠨ ᠲᠦᠮᠡᠨ ᠤ | ᠬᠦᠰᠡᠯ ᠱᠠᠭᠠᠷᠳᠠᠯᠭ᠎ᠠ ᠳᠤ ᠦᠨᠡᠨ ᠪᠣᠳᠠᠲᠠᠢ ᠪᠠᠷ ᠬᠠᠷᠢᠭᠤᠯᠲᠠ ᠥᠭᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠲᠠᠪᠴᠠᠩ ᠢ ᠨᠡᠶᠢᠳᠬᠡᠭᠰᠡᠨ ᠵᠢᠴᠢ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠠᠵᠢᠯ ᠤᠨ | ᠤᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠰᠠᠯᠠᠭ᠎ᠠ ᠮᠥᠴᠢᠷ ᠤᠨ ᠳᠣᠲᠣᠭᠠᠳᠤ ᠠᠴᠠ ᠡᠬᠢᠯᠡᠨ ᠠᠳᠬᠤᠵᠤ ︽ᠮᠡᠳᠡᠭᠡ ᠵᠠᠩᠭᠢ ᠶᠢᠨ ᠥᠨᠥᠴᠢᠨ ᠠᠷᠠᠯ︾ | ᠢ ᠡᠷᠡᠰ ᠡᠪᠳᠡᠵᠦ᠂ ᠳ᠋ᠠᠶᠢᠲ᠋ᠠ ᠶᠢ ᠬᠠᠮᠲᠤ ᠪᠠᠷ ᠡᠳ᠋ᠯᠡᠬᠦ ᠲᠤᠬᠠᠢ ᠬᠡᠷᠡᠭᠵᠢᠭᠦᠯᠬᠦ ᠨᠠᠷᠢᠨ ᠳᠦᠷᠢᠮ ᠢ ᠱᠠᠯᠠᠪᠳᠠᠭᠤᠯᠤᠨ ᠨᠡᠶᠢᠲᠡᠯᠡᠬᠦ ᠬᠡᠷᠡᠭᠲᠡᠢ᠃ ᠰᠠᠷ᠎ᠠ ᠪᠠᠷ ᠬᠠᠷᠠᠯᠲᠠ | ᠲᠣᠭᠲᠠᠭᠠᠨ ᠠᠬᠢᠴᠠ ᠶᠢ ᠠᠳᠬᠤᠵᠤ᠂ ᠰᠠᠯᠠᠭ᠎ᠠ ᠮᠥᠴᠢᠷ ᠨᠢᠭᠡᠪᠦᠷᠢ ᠪᠠᠷ ᠠᠰᠠᠭᠤᠳᠠᠯ ᠢ ᠰᠢᠢᠳᠪᠦᠷᠢᠯᠡᠵᠦ᠂ ᠡᠭᠦᠷᠭᠡ ᠪᠠᠨ ᠴᠢᠨᠠᠷ ᠰᠠᠶᠢᠲᠠᠢ ᠤᠡᠶᠡᠯᠡᠭᠦᠯᠬᠦ ᠬᠡᠷᠡᠭᠲᠡᠢ | ᠭᠡᠵᠦ ᠱᠠᠭᠠᠷᠳᠠᠪᠠ᠃ | ᠬᠤᠷᠠᠯ ᠠᠴᠠ ︽ᠤᠰᠤᠨ ᠤ ᠬᠡᠮᠵᠢᠶ᠎ᠡ ᠪᠠᠷ ᠳᠥᠷᠪᠡ ᠶᠢ ᠲᠣᠭᠲᠠᠭᠠᠬᠤ︾ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠵᠢᠭᠦᠯᠬᠦ ᠰᠠᠨᠠᠯ ᠢ | ᠰᠤᠳᠤᠯᠵᠤ᠂ ᠲᠠᠪᠤᠨ ᠶᠡᠭᠡ ᠡᠭᠦᠷᠭᠡ ᠶᠢ ᠰᠠᠶᠢᠲᠤᠷ ᠤᠡᠶᠡᠯᠡᠭᠦᠯᠬᠦ ᠥᠨᠳᠥᠷᠴᠡ ᠠᠴᠠ ᠤᠰᠤᠨ ᠤ ᠡᠬᠢ ᠤᠠᠶᠠᠯᠢᠭ ᠤᠨ ᠬᠠᠮᠢᠶᠠᠷᠤᠯᠲᠠ ᠶᠢ ᠰᠠᠶᠢᠲᠤᠷ ᠠᠳᠬᠤᠵᠤ᠂ | ᠤᠰᠤ ᠠᠷᠪᠢᠯᠠᠬᠤ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠲᠠᠷᠢᠶᠠᠯᠠᠩ᠂ ᠠᠵᠤ ᠦᠢᠯᠡᠳᠪᠦᠷᠢ᠂ ᠠᠮᠢ ᠠᠬᠤᠢ ᠵᠡᠷᠭᠡ ᠡᠯ᠎ᠡ ᠬᠦᠷᠢᠶᠡᠨ ᠳᠠᠬᠢ ᠤᠰᠤ ᠠᠷᠪᠢᠯᠠᠬᠤ ᠶᠢ | ᠰᠠᠶᠢᠲᠤᠷ ᠠᠳᠬᠤᠵᠤ᠂ ᠰᠢᠨᠵᠢᠯᠡᠬᠦ ᠤᠬᠠᠭᠠᠨᠴᠢ ᠪᠠᠷ ᠤᠰᠤ ᠬᠡᠷᠡᠭᠯᠡᠬᠦ ᠲᠦᠪᠰᠢᠨ ᠢ ᠳᠡᠭᠡᠭᠰᠢᠯᠡᠭᠦᠯᠵᠦ᠂ ᠬᠢᠵᠠᠭᠠᠷ ᠲᠠᠢ ᠤᠰᠤᠨ ᠤ ᠡᠬᠢ ᠤᠠᠶᠠᠯᠢᠭ ᠤᠨ ᠦᠷ᠎ᠡ | ᠠᠰᠢᠭ ᠢ ᠬᠠᠮᠤᠭ ᠤᠨ ᠶᠡᠭᠡ ᠪᠠᠷ ᠤᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ︽ᠨᠢᠭᠡ ᠭᠠᠵᠠᠷ ᠲᠤ ᠣᠯᠠᠨ ᠦᠨᠡᠮᠯᠡᠯ ᠲᠠᠢ ᠤᠠᠶᠢᠬᠤ︾ ᠠᠰᠠᠭᠤᠳᠠᠯ ᠤᠨ ᠤᠠᠶᠢᠳᠠᠯ ᠢ ᠣᠶᠢᠯᠠᠭᠠᠵᠤ ᠵᠢᠭᠰᠠᠭᠠᠨ ᠤᠠᠶᠢᠴᠠᠭᠠᠬᠤ | ᠠᠵᠢᠯ ᠢ ᠰᠤᠳᠤᠯᠵᠤ᠂ ᠦᠨᠡᠨ ᠠᠴᠠ ᠵᠥᠪ ᠢ ᠡᠷᠢᠵᠦ᠂ ᠨᠠᠷᠢᠯᠢᠭ ᠣᠨᠣᠴᠠᠲᠠᠢ ᠪᠠᠷ ᠤᠠᠶᠢᠴᠠᠭᠠᠨ ᠣᠶᠢᠯᠠᠭᠠᠵᠤ᠂ ᠦᠷ᠎ᠡ ᠳ᠋ᠦᠩ ᠢ ︽ᠨᠢᠭᠡ ᠵᠢᠷᠤᠭ︾ ᠢᠶᠠᠷ | ᠢᠯᠡᠷᠡᠭᠦᠯᠵᠦ᠂ ᠭᠠᠵᠠᠷ ᠰᠢᠷᠣᠢ ᠨᠢᠭᠡᠪᠦᠷᠢ ᠳᠤ ᠴᠥᠮ ᠡᠷᠬᠡ ᠶᠢᠨ ᠬᠠᠷᠢᠶ᠎ᠠ ᠲᠣᠳᠣᠷᠬᠠᠢ ᠤᠠᠶᠢᠵᠤ᠂ ᠦᠨᠡᠨ ᠪᠣᠳᠠᠲᠠᠢ ᠪᠥᠭᠡᠳ ᠨᠠᠶᠢᠳᠠᠪᠤᠷᠢᠲᠠᠢ ᠤᠠᠶᠢᠴᠠᠭᠠᠨ | ᠣᠶᠢᠯᠠᠭᠠᠵᠤ ᠬᠤᠶᠢᠰᠢᠳᠠ ᠶᠢᠨ ᠠᠵᠢᠯ ᠤᠨ ᠰᠠᠭᠤᠷᠢ ᠶᠢ ᠰᠠᠶᠢᠨ ᠲᠠᠯᠪᠢᠬᠤ ᠬᠡᠷᠡᠭᠲᠡᠢ᠃ ᠭᠠᠵᠠᠷ ᠰᠢᠷᠣᠢ ᠶᠢᠨ ᠬᠤᠶᠠᠳᠤᠭᠠᠷ ᠡᠭᠡᠯᠵᠢ ᠶᠢᠨ ᠳᠠᠭᠠᠭᠠᠴᠢᠯᠠᠯᠲᠠ ᠶᠢ | ᠤᠷᠲᠤᠳᠬᠠᠬᠤ ᠲᠠᠢ ᠤᠶᠠᠯᠳᠤᠭᠤᠯᠤᠨ ᠠᠵᠢᠯ ᠤᠨ ᠲᠥᠰᠥᠯ ᠢᠶᠠᠨ ᠲᠡᠭᠦᠯᠳᠡᠷᠵᠢᠭᠦᠯᠵᠦ᠂ ᠣᠷᠣᠨ ᠨᠤᠲᠤᠭ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠢ᠃ | ᠤᠯᠤᠰ ᠤᠨ ᠬᠤᠯᠪᠣᠭᠳᠠᠯ ᠪᠦᠬᠦᠢ ᠶᠠᠮᠤᠨ ᠵᠥᠪᠯᠡᠯ ᠳᠤ ᠠᠵᠢᠯ ᠤᠨ ᠠᠬᠢᠴᠠ ᠪᠠᠨ ᠴᠠᠭ ᠲᠤᠬᠠᠢ ᠳᠤᠨᠢ ᠮᠡᠳᠡᠭᠦᠯᠵᠦ᠂ ᠳᠡᠭᠡᠷ᠎ᠡ ᠳᠣᠣᠷ᠎ᠠ ᠱᠠᠲᠤ ᠪᠠᠷ ᠢᠶᠠᠨ | ᠬᠤᠯᠪᠤᠭᠠᠯᠠᠨ ᠬᠥᠳᠡᠯᠦᠯᠴᠡᠵᠦ᠂ ᠳᠡᠮᠵᠢᠯᠭᠡ ᠣᠯᠬᠤ ᠪᠠᠷ ᠴᠢᠷᠮᠠᠶᠢᠬᠤ ᠬᠡᠷᠡᠭᠲᠡᠢ ᠭᠡᠵᠦ ᠱᠠᠭᠠᠷᠳᠠᠪᠠ᠃ | |