ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠯᠤᠰ ᠤᠨ ᠴᠢᠬᠤᠯᠠ ᠶᠡᠭᠡ ᠲᠥᠷᠥᠯ ᠵᠦᠢᠯ ᠤᠨ ᠡᠨᠧᠷᠭᠢ ᠶᠢᠨ ᠬᠤᠷᠣᠭᠳᠠᠯ ᠢᠶᠠᠨ ᠠᠰ ᠲᠤ ᠪᠠᠨ ᠵᠢᠭᠰᠠᠭᠠᠬᠤ ᠠᠵᠢᠯ ᠤᠨ ᠠᠬᠢᠭᠤᠯᠬᠤ ᠬᠤᠷᠠᠯ ᠬᠤᠷᠠᠯᠳᠤᠭᠤᠯᠵᠤ ᠲᠥᠷᠥᠯ ᠵᠦᠢᠯ ᠤᠨ ᠲᠦᠷᠭᠡᠪᠴᠢᠯᠡᠨ ᠪᠦᠲᠦᠭᠡᠨ ᠪᠠᠶᠢᠭᠤᠯᠬᠤ ᠶᠢ ᠲᠦᠯᠬᠢᠨ ᠠᠬᠢᠭᠤᠯᠵᠤ ᠪᠣᠢ
ᠨᠡᠶᠢᠲᠡᠯᠡᠭᠰᠡᠨ ᠴᠠᠭ᠄
2025/6/5
          ᠤᠯᠤᠰ ᠤᠨ ᠴᠢᠬᠤᠯᠠ ᠶᠡᠭᠡ ᠲᠥᠷᠥᠯ ᠵᠦᠢᠯ ᠤᠨ ᠡᠨᠧᠷᠭᠢ ᠶᠢᠨ ᠬᠤᠷᠣᠭᠳᠠᠯ ᠢᠶᠠᠨ ᠠᠰ ᠲᠤ ᠪᠠᠨ ᠵᠢᠭᠰᠠᠭᠠᠬᠤ ᠲᠦᠷᠦ ᠶᠢᠨ ᠪᠣᠳᠣᠯᠭ᠎ᠠ ᠶᠢ ᠭᠦᠢᠴᠡᠳ ᠰᠠᠶᠢᠲᠤᠷ ᠬᠡᠷᠡᠭᠯᠡᠵᠦ᠂ ᠡᠨᠧᠷᠭᠢ ᠶᠢᠨ ᠬᠤᠷᠣᠭᠳᠠᠯ ᠤᠨ ᠲᠠᠯᠳᠠ ᠬᠦᠴᠦᠨ ᠢ ᠲᠦᠷᠭᠡᠨ ᠪᠠᠳᠠᠷᠠᠭᠤᠯᠵᠤ᠂ ᠪᠦᠲᠦᠮᠵᠢᠲᠡᠢ ᠪᠡᠯᠡ ᠣᠷᠣᠭᠤᠯᠤᠯᠲᠠ ᠶᠢ ᠥᠷᠭᠡᠳᠬᠡᠵᠦ᠂ ᠠᠵᠤ ᠠᠬᠤᠢ ᠶᠢᠨ ᠨᠡᠮᠡᠭᠳᠡᠯ ᠤᠨ ︽ᠬᠥᠳᠡᠯᠭᠡᠭᠴᠢ ᠬᠦᠴᠦᠨ ᠤ ᠢᠷᠡᠯᠲᠡ︾ ᠶᠢ ᠲᠣᠭᠲᠠᠪᠤᠷᠢᠵᠢᠭᠤᠯᠬᠤ ᠶᠢᠨ ᠲᠥᠯᠥᠭᠡ᠂ 5 ᠳ᠋ᠤᠭᠠᠷ ᠰᠠᠷ᠎ᠠ ᠶᠢᠨ 27 ᠤ ᠡᠳᠦᠷ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠤᠯᠤᠰ ᠤᠨ ᠴᠢᠬᠤᠯᠠ ᠶᠡᠭᠡ ᠲᠦᠷᠦᠯ ᠵᠦᠢᠯ ᠤᠨ ᠡᠨᠧᠷᠭᠢ ᠶᠢᠨ ᠬᠤᠷᠣᠭᠳᠠᠯ ᠢᠶᠠᠨ ᠠᠰ ᠲᠤ ᠪᠠᠨ ᠵᠢᠭᠰᠠᠭᠠᠬᠤ ᠠᠵᠢᠯ ᠤᠨ ᠠᠬᠢᠭᠤᠯᠬᠤ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃          ᠴᠢᠬᠤᠯᠠ ᠶᠡᠭᠡ ᠲᠥᠷᠥᠯ ᠵᠦᠢᠯ ᠤᠨ ᠡᠨᠧᠷᠭᠢ ᠶᠢᠨ ᠬᠤᠷᠣᠭᠳᠠᠯ ᠢᠶᠠᠨ ᠠᠰ ᠲᠤ ᠪᠠᠨ ᠵᠢᠭᠰᠠᠭᠠᠬᠤ ᠲᠥᠷᠥ ᠶᠢᠨ ᠪᠣᠳᠣᠯᠭ᠎ᠠ ᠪᠣᠯ ᠤᠯᠤᠰ ᠠᠴᠠ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠲᠥᠷᠥᠯ ᠵᠦᠢᠯ ᠤᠨ ᠡᠨᠧᠷᠭᠢ ᠬᠡᠷᠡᠭᠯᠡᠬᠦ ᠬᠡᠷᠡᠭᠴᠡᠭᠡ ᠶᠢ ᠪᠠᠲᠤᠯᠠᠬᠤ ᠳᠤ ᠭᠠᠷᠭᠠᠭᠰᠠᠨ ᠬᠦᠴᠦᠲᠡᠢ ᠠᠷᠭ᠎ᠠ ᠬᠡᠮᠵᠢᠶ᠎ᠡ ᠮᠥᠨ᠂ ᠡᠨᠡ ᠨᠢ ᠮᠠᠨ ᠤ ᠣᠷᠣᠨ ᠤ ᠡᠨᠧᠷᠭᠢ ᠬᠡᠷᠡᠭᠯᠡᠬᠦ ᠣᠷᠣᠨ ᠵᠠᠢ ᠶᠢ ᠥᠷᠭᠡᠳᠬᠡᠬᠦ᠂ ᠠᠵᠤ ᠠᠬᠤᠢ ᠶᠢᠨ ᠨᠡᠮᠡᠭᠳᠡᠯ ᠢ ᠲᠣᠭᠲᠠᠪᠤᠷᠢᠵᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠤᠯᠤᠰ ᠠᠴᠠ ᠳᠡᠮᠵᠢᠵᠦ ᠪᠠᠶᠢᠭ᠎ᠠ ᠮᠠᠨ ᠤ ᠣᠷᠣᠨ ᠳᠠᠬᠢ ᠡᠨᠧᠷᠭᠢ ᠶᠢᠨ ᠬᠤᠷᠣᠭᠳᠠᠯ ᠢᠶᠠᠨ ᠠᠰ ᠲᠤ ᠪᠠᠨ ᠵᠢᠭᠰᠠᠭᠠᠬᠤ ᠴᠢᠬᠤᠯᠠ ᠶᠡᠭᠡ ᠲᠥᠷᠥᠯ ᠵᠦᠢᠯ ᠨᠡᠶᠢᠲᠡ 21 ᠪᠣᠶ᠂ ᠡᠭᠦᠨ ᠳᠤ ᠬᠥᠬᠡᠬᠤᠲᠠ ᠶᠢᠨ 9᠂ ᠤᠯᠠᠭᠠᠨᠴᠠᠪ ᠬᠤᠲᠠ ᠶᠢᠨ 11᠂ ᠤᠯᠠᠭᠠᠨᠬᠠᠳᠠ ᠬᠤᠲᠠ ᠶᠢᠨ 1 ᠪᠠᠶᠢᠨ᠎ᠠ᠂ ᠲᠡᠷᠡ ᠨᠢ ᠪᠣᠳᠣᠯᠲᠠ ᠶᠢᠨ ᠬᠦᠴᠦᠨ ᠤ ᠰᠠᠭᠤᠷᠢ ᠪᠡᠯᠡᠳᠬᠡᠮᠵᠢ᠂ ᠨᠡᠭᠦᠷᠡᠰᠦ ᠪᠠᠷ ᠪᠠᠶᠢᠭᠠᠯᠢ ᠶᠢᠨ ᠰᠢᠲᠠᠮᠠᠬᠠᠢ ᠬᠡᠢ ᠦᠢᠯᠡᠳᠬᠦ ᠵᠡᠷᠭᠡ ᠭᠤᠣᠯᠳᠠᠯᠭ᠎ᠠ ᠪᠣᠯᠬᠤ ᠬᠦᠷᠢᠶ᠎ᠡ ᠨᠦᠭᠦᠳ ᠢ ᠬᠠᠮᠤᠷᠴᠤ᠂ ᠵᠢᠱᠢᠯᠲᠡ ᠪᠠᠷ 2025 ᠣᠨ ᠤ ᠡᠨᠧᠷᠭᠢ ᠶᠢᠨ ᠬᠤᠷᠣᠭᠳᠠᠯ ᠳᠤ 411 ᠲᠦᠮᠡᠨ ᠲᠣᠨ ᠪᠠᠷᠢᠮᠵᠢᠶᠠᠲᠤ ᠨᠡᠭᠦᠷᠡᠰᠦ ᠵᠠᠷᠤᠴᠠᠭᠤᠯᠬᠤ ᠪᠣᠯᠣᠨ᠎ᠠ᠃          ᠡᠯ᠎ᠡ ᠠᠶᠢᠮᠠᠭ ᠬᠤᠲᠠ ᠶᠢᠨ ᠬᠢᠨ ︽ᠰᠠᠷ᠎ᠠ ᠪᠠᠷ ᠲᠣᠬᠢᠷᠠᠭᠤᠯᠬᠤ︾ ᠲᠣᠭᠲᠠᠴᠠ ᠶᠢ ᠪᠠᠶᠢᠭᠤᠯᠵᠤ᠂ ︽ᠨᠢᠭᠡ ᠲᠥᠷᠥᠯ ᠵᠦᠢᠯ ᠳᠤ ᠨᠢᠭᠡ ᠳᠠᠩᠰᠠᠨ ᠡᠷᠦᠬᠡ︾ ᠪᠠᠷ ᠡᠨᠧᠷᠭᠢ ᠬᠡᠷᠡᠭᠯᠡᠬᠦ ᠡᠬᠡ ᠲᠠᠩᠰᠠ ᠶᠢ ᠪᠦᠷᠢᠨᠰᠢᠭᠦᠯᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠵᠢᠴᠢ ᠡᠨᠧᠷᠭᠢ ᠬᠡᠷᠡᠭᠯᠡᠵᠦ ᠪᠠᠶᠢᠭ᠎ᠠ ᠪᠠᠶᠢᠳᠠᠯ ᠢ ᠰᠠᠷ᠎ᠠ ᠪᠠᠷ ᠠᠩᠬᠠᠷᠤᠨ ᠭᠦᠢᠴᠡᠳᠬᠡᠵᠦ᠂ ᠲᠥᠷᠥᠯ ᠵᠦᠢᠯ ᠤᠨ ᠨᠢᠭᠡᠴᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠤᠨ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠬᠡᠬᠦ᠂ ᠬᠦᠴᠦᠨ ᠵᠦᠢᠯ ᠤᠨ ᠪᠠᠲᠤᠯᠠᠭ᠎ᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠪᠡᠯᠡ ᠣᠷᠣᠭᠤᠯᠤᠯᠲᠠ ᠶᠢᠨ ᠬᠡᠮᠵᠢᠶ᠎ᠡ ᠶᠢ ᠨᠢ ᠨᠡᠮᠡᠭᠳᠡᠭᠦᠯᠦᠨ ᠶᠠᠰᠤ ᠴᠢᠨᠠᠷ ᠢ ᠨᠢ ᠳᠡᠭᠡᠭᠰᠢᠯᠡᠭᠦᠯᠬᠦ ᠶᠢ ᠠᠬᠢᠭᠤᠯᠵᠤ ᠪᠣᠢ᠃ ᠡᠯ᠎ᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠨᠢᠭᠡᠴᠢ ᠨᠦᠭᠦᠳ ᠲᠥᠷᠥᠯ ᠵᠦᠢᠯ ᠤᠨ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ᠂ ᠠᠰᠢᠭᠯᠠᠯᠲᠠ ᠳᠤ ᠣᠷᠣᠭᠤᠯᠤᠨ ᠦᠷ᠎ᠡ ᠪᠦᠲᠦᠮᠵᠢ ᠣᠯᠬᠤ ᠴᠠᠭ ᠤᠨ ᠬᠦᠰᠦᠨᠦᠭᠲᠦ ᠪᠠ ᠠᠵᠢᠯ ᠤᠨ ᠱᠤᠭᠤᠮ ᠤᠨ ᠵᠢᠷᠤᠭ ᠢ ᠲᠣᠳᠣᠷᠬᠠᠶᠢᠯᠠᠵᠤ᠂ ᠤᠯᠤᠰ ᠤᠨ ᠨᠡᠮᠡᠭᠳᠡᠯ ᠤᠨ ᠲᠥᠷᠥ ᠶᠢᠨ ᠪᠣᠳᠣᠯᠭ᠎ᠠ ᠶᠢ ᠭᠦᠢᠴᠡᠳ ᠰᠠᠶᠢᠲᠤᠷ ᠬᠡᠷᠡᠭᠯᠡᠵᠦ᠂ ︽ᠭᠦᠢᠴᠡᠳᠬᠡᠯ ᠲᠤᠭ᠎ᠠ ᠶᠢ ᠣᠯᠬᠤ ᠶᠢ ᠴᠢᠬᠤᠯᠠᠴᠢᠯᠠᠵᠤ ᠪᠣᠳᠠᠲᠠᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠬᠥᠩᠭᠡᠪᠴᠢᠡᠯᠬᠦ︾ ᠠᠵᠢᠯᠯᠠᠭ᠎ᠠ ᠶᠢ ᠡᠷᠡᠰ ᠬᠤᠷᠢᠭᠯᠠᠵᠤ᠂ ᠠᠰ ᠲᠤ ᠪᠠᠨ ᠵᠢᠭᠰᠠᠭᠠᠭᠰᠠᠨ ᠲᠥᠷᠥᠯ ᠵᠦᠢᠯ ᠢ ᠡᠷᠲᠡᠬᠡᠨ ᠠᠵᠢᠯ ᠡᠬᠢᠯᠡᠭᠦᠯᠬᠦ᠂ ᠡᠷᠲᠡᠬᠡᠨ ᠠᠰᠢᠭᠯᠠᠯᠲᠠ ᠳᠤ ᠣᠷᠣᠭᠤᠯᠬᠤ᠂ ᠡᠷᠲᠡᠬᠡᠨ ᠪᠦᠷᠢᠳᠬᠡᠯ ᠳᠤ ᠣᠷᠤᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃
ᠢᠷᠡᠯᠲᠡ᠄ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ