ᠥᠪᠥᠷ ᠮᠣᠩᠭᠤᠯ ᠪᠥᠬᠦ ᠣᠷᠣᠨ ᠤ ᠠᠵᠢᠯ ᠦᠢᠯᠡᠰ ᠤᠨ ᠨᠢᠭᠡᠴᠢ ᠶᠢᠨ ᠢᠯᠡ ᠪᠠᠷ ᠠᠵᠢᠯᠲᠠᠨ ᠤᠷᠢᠵᠤ ᠡᠯᠰᠡᠬᠦ ᠠᠵᠢᠯ ᠳᠤ ᠪᠠᠨ ᠰᠢᠨ᠎ᠡ ᠶᠢ ᠡᠭᠦᠳᠦᠨ | ︽ᠬᠤᠶᠠᠷ ᠢ ᠤᠷᠢᠳᠴᠢᠯᠠᠭᠤᠯᠬᠤ᠂ ᠨᠢᠭᠡ ᠶᠢ ᠳᠡᠭᠡᠭᠰᠢᠯᠡᠭᠦᠯᠬᠦ᠂ ᠨᠢᠭᠡ ᠶᠢ ᠲᠡᠭᠦᠯᠳᠡᠷᠵᠢᠭᠦᠯᠬᠦ︾ ᠵᠡᠷᠭᠡ ᠠᠷᠭ᠎ᠠ ᠬᠡᠮᠵᠢᠶ᠎ᠡ ᠨᠦᠭᠦᠳ ᠢ ᠠᠪᠴᠤ᠂ ᠶᠡᠭᠡ ᠳᠡᠭᠡᠳᠦ ᠰᠤᠷᠭᠠᠭᠤᠯᠢ | ᠲᠡᠭᠦᠰᠦᠭᠰᠡᠳ ᠢ ᠬᠠᠪᠰᠤᠷᠤᠨ ᠡᠷᠲᠡᠬᠡᠨ ᠤᠷᠤᠭᠰᠢᠲᠠᠢ ᠠᠵᠢᠯ ᠣᠯᠭᠤᠵᠤ ᠪᠣᠢ᠃ 2023 ᠣᠨ ᠠᠴᠠ ᠨᠠᠭᠠᠰᠢ᠂ ᠪᠥᠬᠦ ᠣᠷᠣᠨ ᠳᠤ ᠶᠡᠭᠡ ᠳᠡᠭᠡᠳᠦ ᠰᠤᠷᠭᠠᠭᠤᠯᠢ | ᠲᠡᠭᠦᠰᠦᠭᠰᠡᠳ ᠢ ᠢᠯᠡ ᠪᠠᠷ 3.21 ᠲᠦᠮᠡᠨ ᠬᠥᠮᠥᠨ ︵2025 ᠣᠨ ᠤ 1.25 ᠲᠦᠮᠡᠨ ᠬᠥᠮᠥᠨ ᠡᠯᠰᠡᠬᠦ ᠲᠥᠯᠥᠪᠯᠡᠭᠡ ᠶᠢ ᠪᠠᠭᠲᠠᠭᠠᠪᠠ︶ ᠡᠯᠰᠡᠭᠰᠡᠨ ᠪᠠᠶᠢᠨ᠎ᠠ᠃ | ᠨᠢᠭᠡ ᠳᠤ᠂ ᠰᠢᠯᠭᠠᠯᠲᠠ ᠶᠢᠨ ᠴᠠᠭ ᠢ ᠨᠢ ᠤᠷᠢᠳᠴᠢᠯᠠᠭᠤᠯᠪᠠ᠃ ᠲᠦᠷᠦ ᠶᠢᠨ ᠪᠣᠳᠣᠯᠭ᠎ᠠ ᠶᠢᠨ ᠴᠢᠨᠠᠷᠲᠠᠢ ᠠᠵᠢᠯ ᠤᠨ ᠪᠠᠶᠢᠷᠢ ᠶᠢᠨ ᠡᠬᠢ ᠪᠠᠶᠠᠯᠢᠭ ᠢ ᠪᠠᠶᠢᠷᠢᠯᠠᠭᠤᠯᠵᠤ | ᠭᠠᠷᠭᠠᠬᠤ ᠶᠢ ᠲᠦᠷᠭᠡᠳᠬᠡᠵᠦ᠂ 2023 ᠣᠨ ᠠᠴᠠ ᠡᠬᠢᠯᠡᠨ᠂ ᠬᠤᠶᠠᠷ ᠵᠢᠯ ᠳᠠᠷᠠᠭᠠᠯᠠᠨ ᠳᠠᠷᠠᠭᠠᠴᠢ ᠶᠢᠨ ᠵᠢᠯ ᠳᠠᠬᠢ ᠪᠦᠬᠦ ᠣᠷᠣᠨ ᠤ ᠠᠵᠢᠯ ᠦᠢᠯᠡᠰ ᠤᠨ | ᠨᠢᠭᠡᠴᠢ ᠶᠢᠨ ᠢᠯᠡ ᠪᠠᠷ ᠠᠵᠢᠯᠲᠠᠨ ᠤᠷᠢᠵᠤ ᠡᠯᠰᠡᠬᠦ ᠰᠢᠯᠭᠠᠯᠲᠠ ᠶᠢ ᠲᠤᠬᠠᠢ ᠶᠢᠨ ᠵᠢᠯ ᠳᠤ ᠤᠷᠢᠳᠴᠢᠯᠠᠨ ᠵᠣᠬᠢᠶᠠᠨ ᠪᠠᠶᠢᠭᠤᠯᠵᠤ ᠬᠡᠷᠡᠭᠵᠢᠭᠦᠯᠪᠡ᠂ ᠡᠨᠡ ᠨᠢ | ᠴᠢᠳᠠᠪᠤᠷᠢᠲᠠᠨ ᠢ ᠣᠷᠣᠭᠤᠯᠤᠨ ᠠᠪᠴᠢᠷᠠᠬᠤ ᠳᠤ ᠪᠠᠨ ᠲᠡᠷᠢᠭᠦᠨ ᠲᠣᠬᠢᠶᠠᠯ ᠢ ᠵᠠᠪᠳᠤᠨ ᠠᠳᠬᠤᠬᠤ ᠪᠠᠷ ᠪᠠᠷᠠᠬᠤ ᠦᠭᠡᠢ ᠪᠠᠰᠠ ᠶᠡᠭᠡ ᠳᠡᠭᠡᠳᠦ ᠰᠤᠷᠭᠠᠭᠤᠯᠢ | ᠲᠡᠭᠦᠰᠦᠭᠰᠡᠳ ᠲᠡᠭᠦᠰᠬᠦ ᠤᠯᠠᠷᠢᠯ ᠳᠤ ᠪᠠᠨ ᠨᠡᠩ ᠤᠯᠠᠨ ᠰᠣᠩᠭᠤᠯᠲᠠ ᠲᠠᠢ ᠪᠠᠶᠢᠬᠤ ᠵᠠᠪᠰᠢᠶᠠᠨ ᠣᠯᠭᠤᠨ᠎ᠠ᠃ ᠬᠤᠶᠠᠷ ᠲᠤ᠂ ᠣᠷᠣᠨ ᠲᠣᠭᠠᠨ ᠤ ᠬᠡᠷᠡᠭᠯᠡᠯᠲᠡ ᠶᠢ | ᠤᠷᠢᠳᠴᠢᠯᠠᠭᠤᠯᠪᠠ᠃ ᠭᠠᠵᠠᠷ ᠣᠷᠣᠨ ᠪᠣᠯᠣᠨ ᠰᠠᠯᠠᠭ᠎ᠠ ᠮᠥᠴᠢᠷ ᠤᠨ ᠪᠠᠶᠢᠭᠤᠯᠤᠮᠵᠢ ᠣᠷᠣᠨ ᠲᠣᠭᠠᠨ ᠤ ᠡᠬᠢ ᠪᠠᠶᠠᠯᠢᠭ ᠢ ᠭᠦᠢᠴᠡᠳ ᠠᠭᠤᠳᠠᠯᠯᠠᠵᠤ᠂ ᠳᠠᠷᠠᠭ᠎ᠠ | ᠵᠢᠯ ᠤᠨ 12 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠠᠵᠢᠯ ᠠᠴᠠ ᠪᠠᠨ ᠠᠮᠠᠷᠠᠵᠤ ᠪᠠᠭᠤᠭᠰᠠᠨ ᠠᠵᠢᠯᠲᠠᠳ ᠠᠵᠢᠯᠴᠢᠳ ᠤᠨ ᠣᠷᠣᠨ ᠲᠤᠭ᠎ᠠ ᠶᠢ ᠨᠢ ᠠᠵᠢᠯ | ᠦᠢᠯᠡᠰ ᠤᠨ ᠨᠢᠭᠡᠴᠢ ᠶᠢᠨ ᠢᠯᠡ ᠪᠠᠷ ᠠᠵᠢᠯᠲᠠᠨ ᠤᠷᠢᠵᠤ ᠡᠯᠰᠡᠬᠦ ᠠᠵᠢᠯ ᠤᠨ ᠪᠠᠶᠢᠷᠢ ᠶᠢᠨ ᠲᠥᠯᠥᠪᠯᠡᠭᠡ ᠳᠤ ᠬᠡᠷᠡᠭᠯᠡᠵᠦ᠂ ᠲᠥᠷᠥ ᠶᠢᠨ ᠪᠣᠳᠣᠯᠭ᠎ᠠ ᠶᠢᠨ ᠴᠢᠨᠠᠷᠲᠠᠢ | ᠠᠵᠢᠯ ᠤᠨ ᠪᠠᠶᠢᠷᠢ ᠶᠢᠨ ᠬᠠᠩᠭᠠᠯᠭ᠎ᠠ ᠶᠢ ᠨᠡᠮᠡᠭᠳᠡᠭᠦᠯᠪᠡ᠃ ᠭᠤᠷᠪᠠ ᠳᠤ᠂ ᠣᠷᠣᠨ ᠲᠣᠭᠠᠨ ᠤ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠪᠡ᠃ ᠨᠥᠬᠦᠪᠦᠷᠢᠯᠡᠨ | ᠤᠷᠢᠵᠤ ᠡᠯᠰᠡᠬᠦ ︽1 + N︾ ᠬᠡᠪ ᠵᠠᠭᠪᠤᠷ ᠲᠤ ᠰᠢᠨ᠎ᠡ ᠶᠢ ᠡᠭᠦᠳᠦᠨ ᠬᠡᠷᠡᠭᠵᠢᠭᠦᠯᠵᠦ᠂ ᠰᠢᠯᠭᠠᠭᠤᠯᠤᠭᠴᠢ ᠶᠢᠨ ᠲᠤᠭ᠎ᠠ ᠨᠢ ᠰᠢᠯᠭᠠᠯᠲᠠ ᠶᠢᠨ ᠬᠠᠷᠢᠴᠠᠯ ᠳᠤ ᠥᠯᠥ | ᠬᠦᠷᠦᠭᠰᠡᠨ ᠢᠶᠠᠷ ᠬᠦᠴᠦᠨ ᠦᠭᠡᠢ ᠪᠣᠯᠭᠠᠭᠰᠠᠨ ᠠᠵᠢᠯ ᠤᠨ ᠪᠠᠶᠢᠷᠢ ᠶᠢᠨ ᠤᠷᠢᠵᠤ ᠡᠯᠰᠡᠬᠦ ᠨᠥᠬᠦᠴᠡᠯ ᠢ ᠨᠢ ᠬᠤᠪᠢᠷᠠᠭᠤᠯᠬᠤ ᠦᠭᠡᠢ ᠤᠷᠢᠲᠠᠯ ᠳᠣᠣᠷ᠎ᠠ᠂ | ᠰᠢᠯᠭᠠᠭᠤᠯᠤᠭᠴᠢ ᠲᠥᠷᠥᠯ ᠬᠤᠪᠢᠶᠠᠭᠰᠠᠨ ᠪᠢᠷ ᠤᠨ ᠰᠢᠯᠭᠠᠯᠲᠠ ᠶᠢᠨ ᠬᠠᠮᠲᠤᠷᠠᠭᠰᠠᠨ ᠰᠢᠯᠭᠠᠯᠲᠠ ᠶᠢᠨ ᠬᠢᠷᠢ ᠪᠦᠲᠦᠮᠵᠢ ᠪᠠᠷ ᠢᠶᠠᠨ ᠠᠵᠢᠯ ᠤᠨ ᠪᠠᠶᠢᠷᠢ ᠶᠢ | ᠦᠷᠭᠦᠯᠵᠢᠯᠡᠨ ᠳᠠᠬᠢᠨᠲᠠ ᠰᠣᠩᠭᠤᠬᠤ᠂ ᠨᠢᠭᠤᠷᠲᠠᠨ ᠰᠢᠯᠭᠠᠯᠲᠠ ᠳᠤ ᠰᠢᠭᠤᠳ ᠣᠷᠣᠯᠴᠠᠬᠤ ᠵᠡᠷᠭᠡ ᠳᠡᠰ ᠳᠠᠷᠠᠭᠠᠯᠠᠯ ᠢ ᠠᠩᠬ᠎ᠠ ᠤᠳᠠᠭ᠎ᠠ ᠬᠡᠷᠡᠭᠵᠢᠭᠦᠯᠪᠡ᠂ ᠡᠨᠡ ᠨᠢ | ᠬᠤᠪᠣᠷ ᠴᠤᠬᠠᠭ ᠣᠷᠣᠨ ᠲᠣᠭᠠᠨ ᠤ ᠡᠬᠢ ᠪᠠᠶᠠᠯᠢᠭ ᠢ ᠭᠦᠢᠴᠡᠳ ᠰᠠᠶᠢᠲᠤᠷ ᠬᠡᠷᠡᠭᠯᠡᠵᠦ ᠪᠣᠯᠬᠤ ᠮᠥᠷᠲᠡᠭᠡᠨ ᠪᠠᠰᠠ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ | ᠡᠯᠰᠡᠭᠳᠡᠬᠦ ᠨᠣᠷᠮ᠎ᠠ ᠶᠢ ᠨᠢ ᠨᠡᠮᠡᠭᠳᠡᠭᠦᠯᠬᠦ ᠪᠣᠯᠣᠨ᠎ᠠ᠃ ᠳᠥᠷᠪᠡ ᠳᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠰᠢᠯᠭᠠᠵᠤ ᠡᠯᠰᠡᠬᠦ ᠪᠠ ᠤᠷᠢᠵᠤ ᠡᠯᠰᠡᠬᠦ | ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠪᠡ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ 2 ᠵᠢᠯ ᠤᠨ ᠠᠵᠢᠯ ᠰᠣᠩᠭᠤᠬᠤ ᠬᠤᠭᠤᠴᠠᠭᠠᠨ ᠳᠤ ᠪᠠᠨ ᠡᠯ᠎ᠡ | ᠲᠥᠷᠥᠯ ᠤᠨ ᠵᠠᠰᠠᠭ ᠵᠠᠬᠢᠷᠭᠠᠨ ᠤ ᠠᠯᠪᠠᠨ ᠪᠠᠶᠢᠭᠤᠯᠭ᠎ᠠ ᠪᠠ ᠤᠯᠤᠰ ᠤᠨ ᠥᠮᠴᠢᠯᠡᠯᠲᠦ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ ᠠᠵᠢᠯᠯᠠᠬᠤ ᠨᠢ | ᠨᠠᠶᠢᠳᠠᠪᠤᠷᠢᠵᠢᠭᠤᠯᠤᠭᠳᠠᠭᠰᠠᠨ ᠦᠭᠡᠢ ᠪᠠᠶᠢᠪᠠᠯ ᠠᠯᠪᠠᠲᠠᠨ ᠡᠯᠰᠡᠬᠦ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠤᠷᠢᠵᠤ | ᠡᠯᠰᠡᠬᠦ ᠳᠤ ᠲᠤᠰ ᠵᠢᠯ ᠤᠨ ᠲᠡᠭᠦᠰᠦᠭᠰᠡᠳ ᠲᠤ ᠬᠠᠨᠳᠤᠭᠤᠯᠤᠭᠰᠠᠨ ᠠᠵᠢᠯ ᠤᠨ ᠪᠠᠶᠢᠷᠢ ᠶᠢ ᠮᠡᠳᠡᠭᠦᠯᠦᠨ ᠰᠢᠯᠭᠠᠭᠤᠯᠵᠤ ᠪᠣᠯᠬᠤ ᠮᠥᠷᠲᠡᠭᠡᠨ ᠲᠡᠳᠡᠨ ᠤ ᠠᠵᠢᠯ | ᠣᠯᠣᠭᠰᠠᠨ ᠵᠥᠪᠯᠡᠯᠴᠡᠭᠡᠷ ᠲᠣᠭᠲᠠᠭᠰᠠᠨ ᠡᠰᠡᠬᠦ᠂ ᠨᠡᠶᠢᠭᠡᠮ ᠤᠨ ᠳᠠᠭᠠᠳᠬᠠᠯ ᠢᠶᠠᠨ ᠲᠤᠰᠢᠶᠠᠭᠰᠠᠨ ᠡᠰᠡᠬᠦ ᠪᠠᠷ ᠨᠢ ᠬᠢᠵᠠᠭᠠᠷᠯᠠᠬᠤ ᠦᠭᠡᠢ᠂ ᠶᠡᠭᠡ ᠳᠡᠭᠡᠳᠦ ᠰᠤᠷᠭᠠᠭᠤᠯᠢ | ᠲᠡᠭᠦᠰᠦᠭᠰᠡᠳ ᠤᠨ ᠪᠡᠶ᠎ᠡ ᠭᠠᠷᠤᠯ ᠢ ᠨᠢ ᠮᠠᠭᠠᠳᠯᠠᠨ ᠲᠣᠭᠲᠠᠭᠠᠬᠤ ᠨᠥᠬᠦᠴᠡᠯ ᠢ ᠤᠯᠠᠮ ᠨᠢᠭᠡ ᠠᠯᠬᠤᠮ ᠠᠭᠤᠵᠢᠭᠤ ᠲᠠᠯᠪᠢᠵᠤ᠂ ᠶᠡᠭᠡ ᠳᠡᠭᠡᠳᠦ ᠰᠤᠷᠭᠠᠭᠤᠯᠢ | ᠲᠡᠭᠦᠰᠦᠭᠰᠡᠳ ᠤᠨ ᠡᠷᠲᠡᠬᠡᠨ ᠠᠵᠢᠯ ᠣᠯᠬᠤ ᠶᠢ ᠬᠥᠲᠥᠯᠥᠨ ᠵᠢᠯᠣᠭᠤᠳᠪᠠ᠃ |